ᠪᠦᠷᠢᠶ᠎ᠡ ᠮᠠᠩᠬ᠎ᠠ ᠵᠢᠭᠤᠯᠴᠢᠯᠠᠯ ᠤᠨ ᠣᠷᠣᠨ 2020 ᠣᠨ ᠤ 3 ᠰᠠᠷ᠎ᠠ ᠶᠢᠨ 18 ᠤ ᠡᠳᠦᠷ ᠠᠴᠠ ᠡᠬᠢᠯᠡᠨ ᠬᠡᠪ ᠤᠨ ᠡᠵᠡᠩᠨᠡᠯᠳᠡ ᠶᠢᠨ ᠪᠠᠶᠢᠳᠠᠯ ᠢᠶᠠᠨ ᠪᠥᠬᠦ | ᠲᠠᠯ᠎ᠠ ᠪᠠᠷ ᠰᠡᠷᠭᠦᠭᠡᠪᠡ᠃ ᠦᠵᠡᠮᠵᠢ ᠶᠢᠨ ᠣᠷᠣᠨ ᠤ ᠨᠡᠭᠡᠭᠡᠬᠦ ᠴᠠᠭ ᠨᠢ 8᠄ 00 — 18᠄ 00᠂ ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠬᠤ ᠶᠢ | ᠬᠡᠷᠡᠭᠵᠢᠭᠦᠯᠵᠦ᠂ ᠡᠳᠦᠷ ᠪᠦᠷᠢ ᠶᠢᠨ ᠭᠥᠯᠢᠶᠡᠨ ᠠᠪᠬᠤ ᠵᠤᠭᠠᠴᠠᠭᠰᠠᠳ ᠤᠨ ᠲᠤᠭ᠎ᠠ ᠶᠢ 5000 ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠃ | ᠦᠵᠡᠮᠵᠢ ᠶᠢᠨ ᠣᠷᠣᠨ ᠤ ᠴᠡᠴᠡᠷᠯᠢᠭ ᠲᠤ ᠣᠷᠣᠬᠤ ᠶᠠᠪᠤᠴᠠ᠄ | ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ — ᠺᠣᠳ᠋ ᠰᠢᠷᠪᠡᠵᠦ ᠮᠡᠳᠡᠭᠡ ᠵᠠᠩᠭᠢ ᠪᠠᠨ ᠳᠠᠩᠰᠠᠯᠠᠬᠤ— ᠪᠢᠯᠧᠲ ᠬᠤᠳᠠᠯᠳᠤᠨ ᠠᠪᠬᠤ — ᠪᠢᠯᠧᠲ ᠪᠠᠶᠢᠴᠠᠭᠠᠬᠤ | — ᠦᠵᠡᠮᠵᠢ ᠶᠢᠨ ᠤᠷᠤᠨ ᠳᠤ ᠣᠷᠣᠵᠤ ᠲᠣᠭᠤᠷᠢᠨ ᠦᠵᠡᠬᠦ | ᠵᠢᠭᠤᠯᠴᠢᠯᠠᠬᠤ ᠳᠤ ᠠᠩᠬᠠᠷᠬᠤ ᠴᠢᠬᠤᠯᠠᠳᠠᠢ ᠵᠦᠢᠯᠡᠰ᠄ | 1. ᠵᠢᠭᠤᠯᠴᠢᠯᠠᠭᠰᠠᠳ ᠤᠨ ᠲᠥᠪ ᠲᠤ ᠡᠷᠡᠭᠦᠯ ᠮᠡᠨᠳᠦ ᠶᠢᠨ ᠬᠢᠨᠠᠯᠳᠡ ᠬᠢᠵᠦ᠂ ᠤᠯᠠᠭᠠᠨ ᠤ ᠭᠠᠳᠠᠨᠠᠬᠢ ᠳᠤᠯᠠᠭᠠᠨ ᠤ ᠬᠡᠮᠵᠢᠭᠦᠷ ᠢᠶᠠᠷ ᠵᠢᠭᠤᠯᠴᠢᠯᠠᠭᠴᠢ ᠳᠤ | ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠨ᠎ᠡ︔ ᠪᠡᠶ᠎ᠡ ᠶᠢᠨ ᠳᠤᠯᠠᠭᠠᠨ ᠨᠢ ᠬᠡᠪ ᠤᠨ ᠪᠤᠰᠤ ᠬᠥᠮᠦᠰ ᠢ᠂ ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠲᠥᠪ ᠤᠨ | ᠪᠠᠴᠢᠮ ᠪᠠᠶᠢᠳᠠᠯ ᠢ ᠠᠷᠭᠠᠴᠠᠭᠠᠬᠤ ᠲᠠᠰᠤᠯᠭ᠎ᠠ ᠳᠤ ᠲᠣᠬᠢᠷᠠᠭᠤᠯᠬᠤ ᠶᠢᠨ ᠬᠠᠮᠲᠤ᠂ ᠲᠡᠷᠡ ᠳᠠᠷᠤᠶ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ | ᠮᠥᠴᠢᠷ ᠲᠠᠢ ᠬᠠᠷᠢᠯᠴᠠᠵᠤ ᠰᠢᠶᠳᠪᠦᠷᠢᠯᠡᠨ᠎ᠡ︔ | 2. ᠦᠨᠡᠨ ᠨᠡᠷ᠎ᠡ ᠪᠠᠷ ᠪᠢᠯᠧᠲ ᠬᠤᠳᠠᠯᠳᠤᠨ ᠠᠪᠬᠤ ᠳᠤ᠂ ᠣᠯᠠᠨ ᠴᠣᠩᠬᠤᠪᠴᠢ ᠠᠯᠤᠰᠯᠠᠵᠤ ᠪᠠᠶᠢᠭᠠᠳ 1.5 ᠮᠧᠲᠷ ᠤᠨ ᠵᠠᠶ ᠲᠠᠢ ᠭᠠᠭᠴᠠ ᠬᠥᠮᠦᠨ ᠪᠢᠯᠧᠲ | ᠬᠤᠳᠠᠯᠳᠤᠨ ᠠᠪᠴᠤ᠂ ᠪᠢᠯᠧᠲ ᠬᠤᠳᠠᠯᠳᠤᠨ ᠠᠪᠬᠤ ᠳᠤ ᠪᠠᠨ ᠬᠤᠪᠢ ᠬᠦᠮᠦᠨ ᠤ ᠮᠡᠳᠡᠭᠡ ᠵᠠᠩᠭᠢ ᠶᠢ ᠰᠢᠷᠪᠢᠨ ᠳᠠᠩᠰᠠᠯᠠᠵᠦ᠂ ᠵᠠᠰᠠᠭ ᠤᠨ ᠣᠷᠳᠣᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠢᠷᠡᠯᠲᠡ ᠶᠢ ᠨᠢ ᠡᠷᠢᠬᠦ ᠳᠤ ᠬᠡᠷᠡᠭᠯᠡᠵᠦ᠂ ᠦᠵᠡᠮᠵᠢ ᠶᠢᠨ ᠣᠷᠣᠨ ᠤ ᠳᠡᠩᠰᠡᠯᠡᠯᠲᠡ ᠶᠢᠨ ᠮᠡᠳᠡᠭᠡ ᠵᠠᠩᠭᠢ ᠶᠢᠨ ᠨᠢᠭᠤᠴᠠ ᠶᠢ | ᠴᠢᠩᠭ᠎ᠠ ᠬᠠᠮᠠᠭᠠᠯᠠᠨ᠎ᠠ︔ | 3. ᠲᠣᠭᠠᠴᠠᠭ᠎ᠠ ᠬᠢᠬᠦ ᠳᠤ ᠬᠦᠷᠦᠯᠴᠡᠬᠦ ᠥᠬᠡᠶ ᠦᠶᠯᠡᠴᠢᠯᠡᠭᠡ ᠬᠢᠬᠦ ᠠᠷᠭ᠎ᠠ ᠬᠡᠯᠪᠡᠷᠢ ᠶᠢ ᠬᠡᠷᠡᠭᠵᠢᠭᠦᠯᠦᠨ᠎ᠡ᠄ ᠸᠢᠴᠠᠲ ᠪᠤᠶᠤ ᠴᠠᠬᠢᠮ ᠳᠦᠷᠡᠶᠢᠪᠴᠢ ᠪᠠᠷ ᠲᠣᠭᠠᠴᠠᠭ᠎ᠠ | ᠬᠢᠬᠦ ᠶᠢ ᠬᠡᠷᠡᠭᠵᠢᠭᠦᠯᠦᠨ᠎ᠡ︔ | 4. ᠪᠢᠯᠧᠲ ᠪᠠᠶᠢᠴᠠᠭᠠᠬᠤ ᠲᠠᠯ᠎ᠠ ᠪᠠᠷ᠄ ︵1︶ ᠦᠵᠡᠮᠵᠢ ᠶᠢᠨ ᠣᠷᠣᠨ ᠤ ᠣᠷᠣᠬᠤ ᠡᠭᠦᠳᠡ ᠵᠢᠴᠢ ᠲᠥᠷᠥᠯ ᠵᠦᠶᠯ ᠤᠨ ᠮᠥᠷᠯᠡᠬᠦ ᠲᠣᠭᠤᠷᠢᠭ ᠲᠤ ᠰᠠᠯᠭᠠᠨ | ᠳᠣᠭᠢᠷᠠᠭᠤᠯᠬᠤ ᠶᠢ ᠬᠡᠷᠡᠭᠵᠢᠭᠦᠯᠦᠨ᠎ᠡ᠃ ᠦᠵᠡᠮᠵᠢ ᠶᠢᠨ ᠣᠷᠣᠨ ᠤ ᠡᠯ᠎ᠡ ᠪᠢᠯᠧᠲ ᠪᠠᠶᠢᠴᠠᠭᠠᠬᠤ ᠡᠭᠦᠳᠡ ᠵᠢᠭᠤᠯᠴᠢᠯᠠᠭᠰᠠᠳ ᠤᠨ ᠴᠤᠪᠤᠷᠠᠯ ᠢ ᠦᠨᠳᠦᠰᠦᠯᠡᠨ᠂ ᠵᠦᠶ | ᠵᠣᠬᠢᠰᠲᠠᠶ ᠡᠵᠡᠮᠳᠡᠵᠦ᠂ ᠬᠦᠮᠦᠨ ᠤ ᠨᠢᠭᠲᠠᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠢᠵᠠᠭᠠᠷᠯᠠᠵᠦ᠂ ᠬᠥᠮᠦᠰ ᠤᠨ ᠴᠤᠪᠤᠷᠠᠯ ᠢ ᠪᠠᠭᠠᠰᠬᠠᠨ᠎ᠠ︔ ︵2︶ ᠪᠢᠯᠧᠲ | ᠪᠠᠶᠢᠴᠠᠭᠠᠭᠴᠢ ᠨᠢ ᠮᠠᠰᠢᠨ ᠢᠶᠠᠷ ᠪᠢᠯᠧᠲ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂᠂ ᠬᠥᠮᠦᠰ ᠤᠨ ᠬᠠᠷᠢᠯᠴᠠᠨ ᠣᠶᠢᠷᠠᠳᠬᠤ ᠶᠢ ᠪᠠᠭᠠᠰᠬᠠᠨ᠎ᠠ︔ | 5 . ᠦᠵᠡᠮᠵᠢ ᠶᠢᠨ ᠣᠷᠣᠨ ᠳᠤ ᠣᠷᠣᠬᠤ ᠳᠤ ᠡᠷᠬᠡᠪᠰᠢ ᠠᠮᠠᠪᠴᠢ ᠵᠡᠬᠦᠬᠦ ᠬᠡᠷᠡᠭᠲᠡᠶ᠂ ᠲᠤᠭᠤᠷᠢᠨ ᠵᠤᠭᠠᠴᠠᠬᠤ ᠶᠠᠪᠤᠴᠠ ᠳᠤ ᠨᠢᠭᠡ ᠳᠤᠤᠷ᠎ᠠ ᠴᠤᠭᠯᠠᠷᠠᠬᠤ ᠥᠬᠡᠶ᠂ | ᠪᠣᠯᠪᠠᠰᠤᠨ ᠢᠶᠠᠷ ᠨᠠᠶᠢᠷ ᠲᠠᠯᠪᠢᠬᠤ ᠬᠡᠷᠡᠭᠲᠡᠶ︔ | 6. ᠲᠤᠭᠤᠷᠢᠨ ᠵᠤᠭᠠᠴᠠᠬᠤ ᠶᠠᠪᠤᠴᠠ ᠳᠤ ᠪᠡᠶ᠎ᠡ ᠶᠢᠨ ᠪᠠᠶᠢᠳᠠᠯ ᠵᠶ᠋ᠠᠨᠨᠢᠭᠲᠠ ᠠᠩᠬᠠᠷᠴᠤ᠂ ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠭ᠎ᠠ ᠳᠠᠪᠬᠤᠴᠠᠬᠤ ᠵᠡᠷᠭᠡ | ᠪᠠᠶᠢᠳᠠᠯ ᠢᠯᠡᠷᠡᠪᠡᠯ᠂ ᠦᠳᠳᠡᠷ ᠲᠦᠷᠭᠡᠨ ᠳᠤᠬᠠᠢ ᠶᠢᠨ ᠲᠠᠯᠠᠪᠤᠷ ᠤᠨ ᠠᠵᠢᠯᠳᠠᠳ ᠲᠠᠢ ᠬᠠᠷᠢᠯᠴᠠᠬᠤ ᠬᠡᠷᠡᠭᠳᠡᠢ︔ | 7. ᠦᠵᠡᠮᠵᠢ ᠶᠢᠨ ᠣᠷᠣᠨ ᠪᠣᠶ ᠪᠥᠬᠦᠶ ᠪᠢᠯᠧᠲ ᠬᠤᠳᠠᠯᠳᠤᠬᠤ ᠡᠭᠦᠳᠡ᠂ ᠪᠢᠯᠧᠲ ᠪᠠᠶᠢᠴᠠᠭᠠᠬᠤ ᠡᠭᠦᠳᠡ᠂ ᠵᠢᠭᠤᠯᠴᠢᠯᠠᠭᠰᠠᠳ ᠤᠨ ᠲᠥᠪ᠂ ᠳᠡᠭᠦᠵᠢᠩ ᠵᠠᠮ᠂ | ᠠᠷᠢᠭᠤᠨ ᠴᠡᠪᠡᠷ ᠤᠨ ᠳᠠᠰᠤᠯᠭ᠎ᠠ᠂ ᠵᠢᠭᠤᠯᠴᠢᠯᠠᠯ ᠤᠨ ᠲᠥᠷᠥᠯ ᠵᠦᠶᠯ ᠵᠡᠷᠭᠡ ᠭᠤᠤᠯᠳᠠᠯᠭ᠎ᠠ ᠲᠠᠢ ᠲᠠᠯᠠᠪᠤᠷ ᠢ ᠡᠳᠦᠷ ᠪᠦᠷᠢ ᠭᠤᠷᠪᠠ ᠤᠳᠠᠭ᠎ᠠ ᠠᠴᠠ ᠳᠡᠭᠡᠭᠰᠢ | ᠠᠷᠢᠭᠤᠳᠬᠠᠬᠤ ᠶᠢᠨ ᠬᠠᠮᠳᠤ ᠲᠡᠮᠳᠡᠭᠯᠡᠯ ᠬᠢᠨ᠎ᠠ᠃ ᠬᠤᠭ ᠨᠣᠪᠰᠢ ᠶᠢᠨ ᠬᠠᠶᠢᠷᠴᠠᠭ᠂ ᠨᠢᠭᠡ ᠯᠠ ᠤᠳᠠᠭ᠎ᠠ ᠶᠢᠨ ᠴᠢᠨᠠᠷᠲᠠᠶ ᠠᠮᠠᠪᠴᠢ ᠶᠢᠨ ᠡᠭᠡᠭᠦᠯᠦᠨ ᠬᠤᠷᠢᠶᠠᠬᠤ ᠬᠠᠶᠢᠷᠴᠠᠭ | ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠠᠭ ᠲᠤᠬᠠᠶ ᠳᠤᠨᠢ ᠠᠷᠢᠭᠤᠳᠬᠠᠬᠤ ᠬᠡᠷᠡᠭᠲᠡᠶ︔ | 8. ᠬᠤᠪᠸᠢ ᠵᠡᠷᠭᠡ ᠭᠤᠤᠯᠳᠠᠯᠭ᠎ᠠ ᠲᠠᠢ ᠬᠢᠵᠢᠭᠲᠦ ᠣᠷᠣᠨ ᠤ ᠵᠤᠭᠠᠴᠠᠭᠰᠠᠳ ᠵᠢᠴᠢ ᠵᠢᠭᠤᠯᠴᠢᠯᠠᠯ ᠤᠨ ᠪᠦᠯᠬᠦᠮ ᠲᠣᠭᠤᠷᠢᠨ ᠵᠤᠭᠠᠴᠠᠬᠤ ᠳᠤ᠂ ᠡᠷᠬᠡᠪᠰᠢ | ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠦᠪ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠭᠠᠷ ᠭᠦᠢᠴᠡᠳᠬᠡᠯ ᠬᠢᠨ᠎ᠡ︔ | 9. ᠪᠦᠬᠦ ᠤᠯᠤᠰ ᠤᠨ ᠡᠮᠨᠡᠯᠭᠡ ᠶᠢᠨ ᠠᠵᠢᠯᠲᠠᠨ ︵ᠰᠢᠶᠠᠩᠭᠠᠩ ᠣᠣᠮᠧᠨ ᠲᠠᠶᠢᠸᠠᠨ ᠣᠷᠣᠨ ᠪᠠᠭᠲᠠᠨ᠎ᠠ︶ ᠲᠤᠰ ᠬᠦᠮᠦᠨ ᠤ ᠬᠠᠮᠢᠶ᠎ᠠ ᠪᠦᠬᠦᠢ ᠦᠨᠡᠮᠯᠡᠯ ᠢᠶᠠᠨ | ᠠᠪᠴᠤ ᠦᠵᠡᠮᠵᠢ ᠶᠢᠨ ᠣᠷᠣᠨ ᠤ ᠵᠤᠭᠠᠴᠠᠭᠰᠠᠳ ᠤᠨ ᠲᠥᠪ ᠲᠤ ᠬᠦᠷᠴᠦ᠂ ᠦᠵᠡᠮᠵᠢ ᠶᠢᠨ ᠣᠷᠣᠨ ᠤ ᠡᠭᠦᠳᠡᠨ ᠪᠢᠯᠧᠲ ᠪᠠ ᠳᠡᠭᠦᠵᠢᠩ ᠤᠨ ᠪᠢᠯᠧᠲ ᠢ ᠦᠨ᠎ᠡ | ᠲᠦᠯᠦᠪᠦᠷᠢ ᠦᠭᠡᠢ ᠪᠠᠷ ᠬᠦᠷᠭᠡᠨ ᠦᠭᠬᠦ ᠳᠦᠷᠥ ᠶᠢᠨ ᠪᠤᠳᠤᠯᠭ᠎ᠠ ᠶᠢ ᠡᠳ᠋ᠯᠡᠵᠦ ᠪᠤᠯᠤᠨ᠎ᠠ ︵2020 ᠣᠨ ᠤ ᠪᠥᠬᠦ ᠵᠢᠯ︶︔ | ᠪᠦᠷᠢᠶ᠎ᠡ ᠮᠠᠩᠬ᠎ᠠ ᠵᠢᠭᠤᠯᠴᠢᠯᠠᠯ ᠤᠨ ᠣᠷᠣᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠡᠷᠢᠯ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠳᠥᠷᠪᠡᠨ | ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠠᠳ ᠢ ᠪᠠᠨ ᠪᠠᠶᠠᠷᠯᠠᠨ ᠤᠭᠳᠤᠵᠦ ᠪᠠᠶᠢᠨ᠎ᠠ︕ |