ᠮᠠᠨ ᠤ ᠬᠤᠰᠢᠭᠤ ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠲᠥᠷᠪᠡᠳᠥᠬᠡᠷ ᠤᠳᠠᠭᠠᠨ ᠤ ᠠᠯᠪᠠᠯᠠᠬᠤ ᠬᠤᠷᠠᠯ ᠢ ᠬᠦᠯᠢᠶᠡᠨ ᠠᠪᠴᠦ ᠦᠵᠡᠪᠡ
ᠨᠡᠶᠢᠲᠡᠯᠡᠭᠰᠡᠨ ᠴᠠᠭ᠄
2020/3/27
            3 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠰᠡᠴᠡᠨᠪᠢᠯᠢᠭ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠠᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠢᠨ ᠦ᠋ ᠬᠤᠷᠠᠯ ᠳᠤ ᠣᠷᠣᠯᠴᠠᠪᠠ᠃ ᠬᠤᠷᠠᠯ ᠨᠢ ᠬᠠᠷᠠᠭᠠᠨ ᠳᠠᠪᠳᠠᠮᠵᠢᠳᠤ ᠬᠡᠯᠪᠡᠷᠢ ᠪᠠᠷ ᠡᠯ᠎ᠡ ᠬᠤᠰᠢᠭᠤ ᠲᠤᠭᠤᠷᠢᠭ ᠲᠤ ᠳᠠᠮᠵᠢᠭᠤᠯᠵᠠᠢ᠃ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ ᠭᠤᠤ ᠬᠤᠸᠠᠢ ᠵᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠸᠠᠩ ᠫᠢᠩ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠰᠠᠯᠪᠤᠷᠢ ᠬᠤᠷᠠᠯ ᠤᠨ ᠲᠠᠯᠠᠪᠠᠢ ᠳᠤ ᠬᠤᠷᠠᠯ ᠤᠨ ᠠᠭᠤᠯᠭ᠎ᠠ ᠶᠢ ᠬᠦᠯᠢᠶᠡᠨ ᠠᠪᠴᠦ ᠦᠵᠡᠪᠡ᠃

   

      ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 4 ᠰᠠᠷ᠎ᠠ ᠶᠢᠨ 15 ᠤ ᠡᠳᠦᠷ ᠠᠴᠠ ᠡᠮᠦᠨ᠎ᠡ᠂ ᠲᠥᠷᠥᠯ

ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠢ ᠨᠠᠶᠢᠳᠡᠯᠡᠨ᠂ ᠡᠯ᠎ᠡ ᠬᠤᠰᠢᠭᠤ ᠲᠤᠭᠤᠷᠢᠭ ᠭᠤᠤᠯᠳᠠᠯᠭ᠎ᠠ ᠲᠠᠢ ᠳᠦᠷᠦᠯ ᠵᠦᠢᠯ ᠤᠨ ᠭᠠᠷᠳᠠᠮ ᠢ

ᠭᠦᠢᠴᠡᠳᠬᠡᠭᠰᠡᠨ ᠪᠠᠶᠢᠳᠠᠯ ᠤᠨ ᠳᠤᠬᠠᠢ ᠳᠦᠭᠦᠮᠬᠡᠨ ᠬᠠᠷᠢᠭᠤ ᠮᠡᠳᠡᠭᠦᠯᠦᠯᠳᠡ ᠬᠢᠵᠦ᠂ ᠭᠤᠤ ᠬᠤᠸᠠᠢ ᠵᠢᠩ ᠮᠠᠨ ᠤ ᠬᠤᠰᠢᠭᠤᠨ ᠤ ᠳᠤᠬᠠᠢ ᠬᠠᠮᠢᠶ᠎ᠠ ᠪᠦᠬᠦᠢ

ᠬᠠᠷᠢᠭᠤ ᠮᠡᠳᠡᠭᠦᠯᠦᠯᠳᠡ ᠬᠢᠵᠡᠢ᠃ ᠳᠦᠷᠦᠯ ᠵᠦᠢᠯ ᠢ ᠬᠢᠨᠡᠨ ᠬᠦᠪᠰᠢᠶᠡᠷᠡᠬᠦ ᠶᠠᠪᠤᠴᠠ ᠳᠤ ᠤᠷᠤᠰᠢᠵᠦ ᠪᠠᠶᠢᠭ᠎ᠠ ᠠᠰᠠᠭᠤᠳᠠᠯ ᠤᠨ ᠳᠤᠬᠠᠢ ᠰᠡᠴᠡᠨᠪᠢᠯᠢᠭ ᠬᠤᠳᠠ ᠶᠢᠨ

ᠬᠠᠮᠢᠶ᠎ᠠ ᠪᠦᠬᠦᠢ ᠪᠠᠶᠢᠭᠤᠯᠭ᠎ᠠ ᠲᠠᠢ ᠰᠤᠳᠤᠯᠤᠨ ᠶᠠᠷᠢᠯᠴᠠᠵᠦ᠂ ᠰᠢᠢᠳᠪᠤᠷᠢᠯᠡᠬᠦ ᠳᠦᠰᠤᠯ ᠢ ᠳᠤᠷᠠᠳᠤᠨ ᠭᠠᠷᠭᠠᠵᠦ᠂ ᠳᠦᠷᠦᠯ ᠵᠦᠢᠯ ᠤᠨ ᠦᠳᠳᠡᠷ ᠳᠦᠷᠭᠡᠨ ᠬᠢᠨᠡᠨ

ᠵᠦᠪᠰᠢᠶᠡᠷᠡᠬᠦ ᠶᠢ ᠠᠬᠢᠭᠤᠯᠵᠠᠢ᠃ ᠰᠡᠴᠡᠨᠪᠢᠯᠢᠭ ᠪᠥᠬᠦ ᠬᠤᠲᠠ ᠶᠢᠨ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ

ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ ᠬᠠᠷᠢᠭᠤᠴᠠᠯᠭ᠎ᠠ ᠶᠢ ᠭᠡᠳᠡᠷᠭᠦ ᠰᠢᠬᠠᠬᠤ᠂ ᠴᠠᠭ ᠬᠤᠭᠤᠴᠠᠭ᠎ᠠ ᠶᠢ ᠬᠢᠵᠠᠭᠠᠷᠯᠠᠬᠤ᠂ ᠡᠭᠦᠷᠭᠡ ᠪᠠ ᠬᠠᠷᠠᠯᠲᠠ ᠶᠢ

ᠲᠣᠳᠣᠷᠬᠠᠶᠢᠯᠠᠬᠤ ᠪᠠᠷ ᠳᠠᠮᠵᠢᠭᠤᠯᠤᠨ ᠨᠢᠭᠡ ᠪᠦᠯᠦᠭ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠲᠥᠪᠯᠡᠷᠡᠭᠦᠯᠦᠨ ᠬᠥᠢᠴᠡᠳᠬᠡᠬᠡᠳ ᠠᠩᠬ᠎ᠠ ᠠᠯᠬᠤᠮ

ᠦᠷ᠎ᠡ ᠪᠦᠲᠦᠮᠵᠢ ᠣᠯᠤᠭᠰᠠᠨ ᠪᠠᠶᠢᠨ᠎ᠠ᠃ ᠬᠤᠶᠢᠰᠢᠳᠠ ᠲᠥᠪᠯᠡᠷᠡᠭᠦᠯᠦᠨ ᠬᠢᠨᠠᠨ ᠵᠥᠪᠰᠢᠶᠡᠷᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ

ᠬᠡᠷᠡᠭᠵᠢᠭᠦᠯᠵᠦ᠂ ᠲᠥᠷᠥᠯ ᠵᠦᠢᠯ ᠢ ᠲᠥᠰᠦᠪᠯᠡᠬᠦ᠂ ᠬᠢᠨᠠᠨ ᠵᠥᠪᠰᠢᠶᠡᠷᠡᠬᠦ᠂ ᠠᠵᠢᠯ ᠡᠬᠢᠯᠡᠭᠦᠯᠬᠦ᠂ ᠪᠥᠲᠥᠭᠡᠨ ᠪᠠᠶᠢᠭᠤᠯᠤᠯᠲᠠ ᠶᠢᠨ ᠡᠯ᠎ᠡ ᠭᠤᠭᠴᠤᠭᠠᠨ ᠤ

ᠠᠰᠠᠭᠤᠳᠠᠯ ᠢ ᠰᠢᠢᠳᠪᠤᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠤᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠨᠠᠬᠰᠢᠳᠠ ᠲᠡᠭᠦᠯᠳᠡᠷᠵᠢᠭᠦᠯᠵᠤ᠂

ᠳᠣᠭᠢᠷᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠠᠳ ᠠᠰᠢᠭᠯᠠᠵᠦ᠂ ᠲᠠᠰ ᠳᠠᠷᠠᠭᠠᠯᠠᠯ ᠢ

ᠳᠥᠭᠦᠮᠴᠢᠯᠡᠭᠦ᠂ ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠥᠲᠥᠭᠡᠨ

ᠪᠠᠶᠢᠭᠤᠯᠬᠤ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠬᠡᠵᠤ ᠵᠢᠭᠠᠵᠤ ᠭᠠᠷᠭᠠᠪᠠ᠃

       ᠰᠡᠴᠡᠨᠪᠢᠯᠢᠭ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠪᠠᠶᠢᠳᠠᠯ ᠢ ᠲᠣᠳᠣᠷᠬᠠᠢ ᠲᠠᠨᠢᠨ᠂ ᠵᠠᠪᠠᠯ ᠢᠯᠠᠬᠤ ᠢᠲᠡᠭᠡᠯ

ᠵᠣᠷᠢᠭ ᠢᠶᠠᠨ ᠪᠠᠲᠤᠳᠬᠠᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠨ᠂ ᠡᠮᠬᠢ ᠲᠢᠭᠯᠢᠮ ᠲᠠᠢ ᠴᠡᠭᠴᠡᠯᠡᠨ ᠰᠠᠶᠢᠵᠢᠷᠠᠭᠤᠯᠵᠤ᠂ ᠪᠦᠬᠦ ᠬᠤᠳᠠ ᠶᠢᠨ

ᠠᠵᠤ ᠠᠬᠤᠢ ᠶᠢᠨ ᠦᠷᠭᠦᠯᠵᠢᠯᠡᠭᠰᠡᠨ ᠰᠠᠶᠢᠨ ᠭᠥᠭᠵᠢᠯᠳᠠ ᠶᠢ ᠪᠦᠬᠦ ᠬᠦᠴᠦᠨ ᠢᠶᠠᠷ ᠠᠬᠢᠭᠤᠯᠵᠤ᠂ ᠳᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ

ᠠᠳᠬᠤᠬᠤ ᠬᠡᠷᠡᠭᠲᠠᠢ᠃ ᠨᠢᠭᠡ ᠲᠠᠯ᠎ᠠ ᠪᠠᠷ᠂ ᠡᠨᠡ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ ᠲᠤᠰᠬᠠᠶ ᠬᠦᠴᠦᠨ ᠢ ᠵᠣᠬᠢᠶᠠᠨ ᠪᠠᠶᠢᠭᠤᠯᠵᠤ᠂

ᠬᠦᠴᠦᠲᠡᠶ ᠠᠷᠭ᠎ᠠ ᠬᠡᠮᠵᠢᠶ᠎ᠡ ᠠᠪᠴᠤ᠂ ᠬᠦᠴᠦᠨ ᠢᠶᠠᠨ ᠲᠥᠪᠯᠡᠷᠡᠭᠦᠯᠦᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠢᠨᠠᠨ ᠵᠥᠪᠰᠢᠶᠡᠷᠡᠬᠦ

ᠠᠰᠠᠭᠤᠳᠠᠯ ᠢ ᠬᠤᠭᠤᠴᠠᠭ᠎ᠠ ᠲᠣᠭᠲᠠᠭᠠᠨ ᠰᠢᠢᠳᠪᠤᠷᠢᠯᠡᠵᠦ᠂ ᠲᠥᠷᠥᠯ ᠵᠦᠢᠯ ᠤᠨ ᠲᠥᠷᠬᠡᠨ ᠪᠠᠷᠢᠯᠭ᠎ᠠ ᠪᠠᠨ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠬᠤ

ᠬᠡᠷᠡᠭᠲᠡᠶ︔ ᠨᠥᠭᠦᠭᠡ ᠲᠠᠯ᠎ᠠ ᠪᠠᠷ᠂ ᠲᠥᠷᠥᠯ ᠵᠦᠢᠯ ᠤᠨ ᠨᠥᠭᠡᠴᠡᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠢᠭᠡ ᠪᠦᠯᠦᠭ ᠢ ᠤᠬᠠᠭᠠᠯᠠᠨ ᠰᠡᠳᠦᠵᠤ᠂

ᠨᠢᠭᠡ ᠪᠦᠯᠦᠭ ᠢ ᠨᠥᠭᠡᠴᠡᠯᠡᠨ᠂ ᠨᠢᠭᠡ ᠪᠦᠯᠦᠭ ᠢ ᠬᠢᠨᠠᠨ ᠵᠥᠪᠰᠢᠶᠡᠷᠡᠵᠤ᠂ ᠨᠢᠭᠡ ᠪᠦᠯᠦᠭ ᠢ ᠠᠵᠢᠯ ᠡᠬᠢᠯᠡᠭᠦᠯᠤᠨ᠂ ᠨᠢᠭᠡ ᠪᠦᠯᠦᠭ ᠢ ᠠᠰᠢᠭᠯᠠᠯᠲᠠ ᠳᠤ

ᠣᠷᠣᠭᠤᠯᠬᠤ ᠵᠡᠷᠭᠡ ᠳᠦᠷᠤᠯ ᠵᠦᠢᠯ ᠢ ᠳᠠᠰᠤᠷᠠᠯᠳᠠ ᠦᠭᠡᠢ ᠠᠬᠢᠭᠤᠯᠬᠤ ᠲᠣᠭᠲᠠᠴᠠ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠤᠯᠤᠰ ᠤᠨ ᠲᠤᠰᠬᠠᠶ

ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠶ ᠬᠤᠪᠢᠳᠠᠨ ᠣᠯᠵᠤ᠂ ᠤᠯᠤᠰ ᠤᠨ ᠡᠯ᠎ᠡ ᠲᠥᠷᠥᠯ ᠤᠨ ᠠᠰᠢᠭᠲᠠᠶ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠬᠯᠡᠨ᠂

ᠠᠵᠢᠯ ᠤᠨ ᠰᠠᠨᠠᠭᠠᠴᠢᠯᠠᠭᠠᠲᠤ ᠪᠠᠶᠢᠳᠠᠯ ᠢ ᠭᠦᠶ᠋ᠴᠡᠳ ᠡᠵᠡᠮᠳᠡᠬᠦ ᠬᠡᠷᠡᠭᠲᠡᠶ᠃ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢ ᠳᠤᠰᠢᠶᠠᠯᠭᠠᠬᠤ᠂ ᠥᠷᠢ ᠥᠭᠴᠡᠭᠡ ᠶᠢ

ᠰᠢᠢᠳᠪᠦᠷᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠷᠢᠳᠦᠭᠰᠡᠨ ᠥᠭᠴᠡᠭᠡ ᠠᠪᠴᠠᠭ᠎ᠠ ᠶᠢ ᠢᠯᠭᠠᠷᠠᠭᠤᠯᠤᠨ ᠰᠢᠢᠳᠪᠥᠷᠢᠯᠡᠬᠦ ᠵᠡᠷᠭᠡ ᠠᠵᠢᠯ ᠢ

ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡᠨᠲᠡ ᠲᠣᠭᠲᠠᠭᠠᠭᠰᠠᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ

ᠰᠠᠶᠢᠲᠤᠷ ᠠᠳᠬᠤᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠬᠡᠵᠤ ᠵᠢᠭᠠᠵᠤ ᠭᠠᠷᠭᠠᠵᠠᠢ᠃

       ᠬᠤᠷᠠᠯ ᠤᠨ ᠳᠠᠷᠠᠭ᠎ᠠ᠂ ᠭᠤᠤ ᠬᠤᠸᠠᠢ ᠵᠢᠩ ᠮᠠᠨ ᠤ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠬᠤᠷᠠᠯ ᠤᠨ ᠵᠤᠷᠢᠭ ᠰᠠᠨᠠᠭ᠎ᠠ ᠶᠢ ᠴᠢᠩᠭ᠎ᠠ

ᠨᠠᠶᠢᠳᠠᠪᠤᠷᠢᠵᠢᠭᠤᠯᠤᠨ᠂ ᠪᠦᠬᠦ ᠬᠦᠴᠦ ᠪᠠᠨ ᠳᠦᠪᠯᠡᠷᠡᠭᠦᠯᠦᠨ ᠳᠦᠷᠦᠯ ᠵᠦᠢᠯ ᠢ ᠬᠢᠨᠡᠨ ᠵᠦᠪᠰᠢᠶᠡᠷᠡᠬᠦ ᠠᠵᠢᠯ ᠢ ᠰᠠᠶᠢᠳᠤᠷ ᠬᠢᠵᠦ᠂ ᠤᠳᠤᠬᠠᠨ ᠤ ᠳᠦᠷᠦᠯ ᠵᠦᠢᠯ

 ᠤᠨ ᠡᠮᠦᠨᠡᠬᠢ ᠠᠵᠢᠯ ᠢ ᠳᠦᠷᠭᠡᠳᠬᠡᠨ ᠠᠬᠢᠭᠤᠯᠵᠦ᠂ ᠡᠯ᠎ᠡ ᠳᠦᠷᠦᠯ ᠤᠨ ᠭᠠᠷᠳᠠᠮ ᠢ ᠴᠠᠭ ᠳᠤᠬᠠᠢ ᠳᠤ ᠨᠢ ᠳᠡᠭᠦᠯᠳᠡᠷᠵᠢᠭᠦᠯᠦᠨ᠂ ᠳᠦᠷᠦᠯ ᠵᠦᠢᠯ ᠤᠨ ᠪᠦᠳᠦᠭᠡᠨ

ᠪᠠᠶᠢᠭᠤᠯᠤᠯᠳᠠ ᠶᠢᠨ ᠳᠤᠭᠳᠠᠭᠰᠠᠨ ᠬᠤᠭᠤᠴᠠᠭᠠᠨ ᠳᠤ ᠪᠠᠨ ᠠᠵᠢᠯ ᠡᠬᠢᠯᠡᠭᠦᠯᠬᠦ ᠶᠢ ᠪᠠᠳᠤᠯᠠᠬᠤ ᠬᠡᠷᠡᠭᠳᠡᠢ︔ ᠦᠢᠯᠡᠴᠢᠯᠡᠭᠡᠨ ᠤ ᠤᠬᠠᠮᠰᠠᠷ᠂ ᠤᠬᠠᠮᠰᠠᠷ ᠠᠴᠠ ᠪᠠᠨ

ᠦᠢᠯᠡᠴᠢᠯᠡᠬᠦ᠂ ᠤᠷᠢᠳᠠ ᠠᠴᠠ ᠨᠢ ᠦᠢᠯᠡᠴᠢᠯᠡᠬᠦ ᠶᠢ ᠴᠢᠨᠠᠭᠰᠢᠳᠡ ᠴᠢᠩᠭᠠᠳᠬᠠᠨ᠂ ᠠᠵᠦ ᠠᠬᠤᠶᠢᠯᠠᠯ ᠤᠨ ᠬᠦᠴᠢᠷᠳᠡᠯ ᠢ ᠦᠨᠡᠨ ᠬᠦ ᠰᠢᠢᠳᠪᠤᠷᠢᠯᠡᠵᠦ᠂ ᠠᠵᠦ

ᠠᠬᠤᠶᠢᠯᠠᠯ ᠤᠨ ᠬᠦᠭᠵᠢᠯᠳᠡ ᠤᠨ ᠢᠳᠡᠭᠡᠯ ᠵᠤᠷᠢᠭ ᠢ ᠬᠦᠪᠴᠢᠯᠡᠨ᠂ ᠠᠵᠦ ᠠᠬᠤᠢ ᠨᠡᠶᠢᠬᠡᠮ ᠤᠨ ᠬᠦᠭᠵᠢᠯᠳᠡ ᠶᠢ ᠳᠦᠯᠬᠢᠨ ᠠᠬᠢᠭᠤᠯᠬᠤ ᠬᠡᠷᠡᠭᠳᠡᠢ︔ ᠳᠦᠷᠦᠯ

ᠵᠦᠢᠯ ᠤᠨ ᠨᠦᠭᠡᠴᠡ ᠶᠢᠨ ᠠᠵᠢᠯ ᠢ ᠪᠦᠬᠦ ᠲᠠᠯ᠎ᠠ ᠪᠠᠷ ᠰᠠᠶᠢᠳᠦᠷ ᠬᠢᠵᠦ᠂ ᠤᠨᠴᠠᠭᠠᠶᠢᠯᠠᠨ ᠤᠯᠤᠰ ᠤᠨ ᠳᠤᠰᠬᠠᠢ ᠵᠢᠭᠡᠯᠡᠯᠭᠡ ᠶᠢᠨ ᠳᠡᠮᠳᠡᠭᠳᠦ ᠶᠢᠨ ᠰᠠᠶᠢᠨ ᠳᠦᠷᠦᠯ

ᠵᠦᠢᠯ᠂ ᠳᠤᠮᠤ ᠳᠦᠷᠦᠯ ᠵᠦᠢᠯ ᠢ ᠱᠠᠯᠠᠪᠳᠠᠨ ᠲᠦᠯᠦᠪᠯᠡᠵᠦ᠂ ᠤᠯᠤᠰ ᠤᠨ ᠳᠦᠷᠦ ᠶᠢᠨ ᠪᠤᠳᠤᠯᠭ᠎ᠠ ᠶᠢ ᠭᠦᠢᠴᠡᠳ ᠠᠰᠢᠭᠯᠠᠨ ᠪᠦᠬᠦ ᠬᠤᠰᠢᠭᠤᠨ ᠤ ᠬᠦᠭᠵᠢᠯᠳᠡ

 ᠶᠢ ᠨᠡᠩ ᠰᠠᠶᠢᠨ ᠢᠶᠠᠷ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ᠃

     

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ