ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠰᠤᠷᠭᠠᠭᠤᠯᠢ | ᠡᠬᠢᠯᠡᠬᠦ ᠶᠢ ᠬᠤᠶᠢᠰᠢᠯᠠᠭᠤᠯᠤᠭᠰᠠᠨ ᠬᠤᠭᠤᠴᠠᠭᠠᠨ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ | ᠰᠤᠷᠭᠠᠯᠳᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ᠂ ᠪᠥᠬᠦ ᠣᠷᠣᠨ ᠤ ᠳᠤᠮᠳᠠᠳᠤ ᠪᠠᠭ᠎ᠠ | ᠰᠤᠷᠭᠠᠭᠤᠯᠢ 3 ᠰᠠᠷ᠎ᠠ ᠶᠢᠨ 2 ᠤᠨ ᠡᠳᠦᠷ ᠠᠴᠠ ᠡᠬᠢᠯᠡᠨ ᠰᠦᠯᠵᠢᠶᠡᠨ ᠲᠡᠭᠡᠷ᠎ᠡ ᠵᠢᠭᠠᠨ ᠰᠤᠷᠭᠠᠯᠲᠠ ᠥᠷᠨᠢᠭᠦᠯᠵᠦ᠂ | ᠰᠤᠷᠤᠭᠴᠢᠳ ᠰᠤᠷᠭᠠᠭᠤᠯᠢ ᠳᠠᠭᠠᠨ ᠪᠤᠴᠠᠬᠤ ᠥᠬᠡᠶ ᠭᠡᠵᠦ ᠱᠠᠭᠠᠷᠳᠠᠪᠠ᠃ ᠮᠡᠳᠡᠭᠳᠡᠯ ᠳᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠳᠤᠨ ᠤ ᠰᠦᠯᠵᠢᠶᠡᠨ ᠳᠠᠬᠢ ᠵᠢᠭᠠᠨ ᠰᠤᠷᠭᠠᠯᠲᠠ ᠶᠢ ᠠᠶᠢᠮᠠᠭ ᠬᠤᠲᠠ ᠶᠢᠨ | ᠱᠠᠲᠤᠨ ᠠᠴᠠ ᠨᠢᠭᠡᠳᠦᠯᠲᠡᠶ ᠲᠥᠯᠥᠪᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠭᠠᠨ | ᠰᠤᠷᠭᠠᠯᠳᠠ ᠶᠢ ᠬᠤᠰᠢᠭᠤ ᠰᠢᠶᠠᠨ ︵ᠬᠤᠲᠠ ᠲᠣᠭᠤᠷᠢᠭ︶ ᠨᠢᠭᠡᠳᠦᠯᠲᠡᠶ ᠲᠥᠯᠥᠪᠯᠡᠵᠦ᠂ ᠡᠯ᠎ᠡ ᠳᠤᠮᠳᠠᠳᠤ ᠪᠠᠭ᠎ᠠ | ᠰᠤᠷᠭᠠᠭᠤᠯᠢ ᠨᠤᠭᠤᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠡᠤᠬᠡᠳ ᠤᠨ ᠴᠡᠴᠡᠷᠯᠢᠭ᠂ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ ᠨᠤᠭᠤᠳ ᠰᠦᠯᠵᠢᠶᠡᠨ ᠤ ᠵᠢᠭᠠᠨ ᠰᠤᠷᠭᠠᠯᠳᠠ ᠥᠷᠨᠢᠭᠦᠯᠬᠦ ᠥᠬᠡᠶ᠂ ᠰᠤᠷᠤᠭᠴᠢᠳ | ᠰᠤᠷᠭᠠᠭᠤᠯᠢ ᠳᠠᠭᠠᠨ ᠪᠤᠴᠠᠬᠤ ᠥᠬᠡᠶ ᠪᠠᠶᠢᠳᠠᠯ ᠳᠤ ᠮᠡᠳᠡᠭᠡ ᠵᠠᠩᠭᠢ ᠳᠠᠮᠵᠢᠭᠤᠯᠬᠤ ᠠᠷᠭ᠎ᠠ ᠮᠠᠶ᠋ᠢᠭ ᠢᠶᠠᠷ ᠠᠰᠠᠷᠠᠨ | ᠬᠥᠮᠦᠵᠢᠭᠦᠯᠬᠦ ᠵᠢᠯᠣᠭᠤᠳᠣᠯᠭ᠎ᠠ᠂ ᠡᠷᠡᠭᠦᠯᠵᠢᠭᠦᠯᠬᠦ ᠪᠣᠯᠪᠠᠰᠤᠷᠠᠯ ᠤᠨ ᠵᠢᠯᠣᠭᠤᠳᠣᠯᠭ᠎ᠠ ᠶᠢ ᠥᠷᠨᠢᠭᠦᠯᠵᠦ ᠪᠣᠯᠤᠨ᠎ᠠ | ᠭᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠰᠤᠷᠭᠠᠭᠤᠯᠢ ᠨᠤᠭᠤᠳ | ᠰᠦᠯᠵᠢᠶᠡᠨ ᠳᠡᠭᠡᠷᠡᠬᠢ ᠬᠢᠴᠢᠶᠡᠯᠯᠡᠬᠦ ᠴᠠᠭ ᠢ ᠴᠢᠩᠭ᠎ᠠ ᠡᠵᠡᠮᠳᠡᠵᠦ᠂ ᠪᠠᠭ᠎ᠠ ᠰᠤᠷᠭᠠᠭᠤᠯᠢ ᠶᠢ ᠡᠳᠦᠷ ᠪᠦᠷᠢ ᠵᠠᠷᠴᠢᠮ | ᠳᠡᠭᠡᠷ᠎ᠡ ᠪᠠᠨ 2 ᠴᠠᠭ ᠠᠴᠠ ᠬᠡᠲᠦᠷᠡᠭᠦᠯᠵᠦ ᠪᠣᠯᠬᠤ ᠥᠬᠡᠶ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ | ᠵᠠᠷᠴᠢᠮ ᠳᠡᠭᠡᠷ᠎ᠡ ᠪᠠᠨ 3 ᠴᠠᠭ ᠠᠴᠠ ᠬᠡᠲᠦᠷᠡᠭᠦᠯᠵᠦ ᠪᠣᠯᠬᠤ ᠥᠬᠡᠶ ᠭᠡᠵᠦ ᠲᠣᠳᠣᠷᠬᠠᠶ ᠱᠠᠭᠠᠷᠳᠠᠪᠠ᠃ ᠠᠳᠠᠯᠢ | ᠪᠤᠰᠤ ᠰᠤᠷᠤᠯᠭ᠎ᠠ ᠶᠢᠨ ᠱᠠᠳᠤ᠂ ᠠᠳᠠᠯᠢ ᠪᠤᠰᠤ ᠣᠨ ᠤ ᠰᠤᠷᠤᠭᠴᠢ ᠶᠢᠨ ᠣᠨᠴᠠᠯᠢᠭ ᠢ ᠦᠨᠳᠦᠰᠦᠯᠡᠨ᠂ ᠸᠢᠳᠢᠣ᠋ ᠪᠠᠷ | ᠬᠢᠴᠢᠶᠡᠯᠯᠡᠬᠦ᠂ ᠰᠢᠭᠤᠳ ᠨᠡᠪᠲᠡᠷᠡᠭᠦᠯᠬᠦ᠂ ᠰᠢᠩᠬᠡᠭᠡᠯᠳᠡ ᠪᠠᠷ ᠨᠡᠪᠳᠡᠷᠡᠬᠦᠯᠬᠦ᠂ ᠵᠠᠬᠢᠶᠠᠯᠠᠨ ᠰᠤᠷᠤᠯᠴᠠᠬᠤ᠂ | ᠲᠧᠯᠸᠢᠰ ᠢᠶᠠᠷ ᠨᠡᠪᠳᠡᠷᠡᠬᠦᠯᠬᠦ᠂ ᠳᠠᠭᠤᠨ ᠰᠢᠩᠬᠡᠬᠡᠯᠳᠡ ᠵᠡᠷᠭᠡ ᠪᠠᠷ ᠰᠤᠷᠤᠯᠴᠠᠬᠤ ᠶᠢ ᠵᠤᠬᠢᠰᠳᠠᠢ ᠳᠤᠬᠢᠷᠠᠭᠤᠯᠤᠨ | ᠠᠰᠢᠬᠯᠠᠨ᠎ᠠ᠃ ᠳᠠᠰᠬᠠᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠠᠭᠰᠢ ᠠᠴᠠ ᠰᠤᠷᠤᠭᠴᠢ ᠪᠤᠶᠤ ᠭᠡᠷ ᠤᠨ | ᠠᠬᠠᠮᠠᠳ ᠢ ᠡᠳᠦᠷ ᠪᠦᠷᠢ ᠰᠦᠯᠵᠢᠶᠡᠨ ᠳᠡᠬᠡᠷ᠎ᠡ ᠰᠤᠷᠤᠯᠴᠠᠬᠤ ᠶᠢ ᠨᠡᠷ᠎ᠡ ᠪᠦᠷᠢᠳᠬᠡᠬᠦᠯᠬᠦ᠂ ᠰᠤᠷᠤᠯᠴᠠᠯᠭ᠎ᠠ ᠶᠢᠨ | ᠸᠢᠳᠢᠣ᠋ ᠪᠠᠨ ᠳᠠᠮᠵᠢᠭᠤᠯᠬᠤ᠂ ᠳᠠᠰᠬᠠᠯ ᠬᠢᠨᠠᠵᠤ ᠵᠠᠰᠠᠭᠤᠯᠬᠤ ᠪᠠᠷ ᠠᠯᠪᠠᠲᠠᠨ ᠱᠠᠭᠠᠷᠳᠠᠵᠤ ᠪᠣᠯᠬᠤ ᠦᠭᠡᠢ᠂ ᠭᠡᠷ ᠤᠨ | ᠠᠬᠠᠮᠠᠳ ᠲᠤ ᠳᠠᠰᠬᠠᠯ ᠲᠣᠬᠢᠷᠠᠭᠤᠯᠵᠤ ᠪᠣᠯᠬᠤ ᠦᠭᠡᠢ᠃ ᠡᠭᠦᠨ ᠤ ᠬᠠᠮᠲᠤ ᠬᠢᠵᠢᠭ ᠢ ᠰᠡᠷᠭᠡᠶᠢᠯᠡᠨ ᠬᠤᠷᠢᠬᠯᠠᠬᠤ | ᠲᠠᠶᠢᠯᠠᠯᠳᠤᠭᠠᠨ ᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠬᠥᠮᠦᠰ ᠤᠨ ᠦᠷ᠎ᠡ ᠬᠡᠤᠬᠡᠳ ᠪᠣᠯᠤᠨ ᠬᠥᠳᠡᠭᠡ | ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠢ ᠰᠤᠷᠤᠯᠴᠠᠨ ᠵᠢᠯᠣᠭᠤᠳᠬᠤ ᠪᠠ ᠬᠠᠯᠠᠮᠵᠢᠯᠠᠨ ᠬᠠᠶᠢᠷᠠᠯᠠᠬᠤ | ᠠᠵᠢᠯ ᠢ ᠴᠢᠩᠭᠠᠳᠬᠠᠵᠤ᠂ ᠬᠠᠯᠠᠮᠵᠢᠯᠠᠨ ᠬᠠᠶᠢᠷᠠᠯᠠᠬᠤ ᠠᠵᠢᠯ ᠤᠨ ᠳᠤᠭᠳᠠᠴᠠ ᠶᠢ ᠲᠡᠭᠦᠯᠳᠡᠷᠵᠢᠭᠦᠯᠵᠦ᠂ | ᠳᠤᠭᠳᠠᠭᠰᠠᠨ ᠪᠠᠭᠰᠢ ᠨᠠᠷ ᠢᠶᠠᠷ ︽ᠨᠢᠬᠡ ᠨᠢ ᠨᠢᠬᠡ ᠲᠠᠢ ᠬᠠᠷᠢᠯᠴᠠᠬᠤ︾ ᠬᠠᠷᠢᠯᠴᠠᠭ᠎ᠠ ᠪᠠᠶᠢᠭᠤᠯᠵᠤ᠂ ᠤᠳᠠᠰᠤ᠂ | ᠸᠢᠳᠢᠣ᠋᠂ ᠰᠡᠳᠬᠢᠴᠡ ᠶᠢᠨ ᠯᠠᠪᠯᠠᠭ᠎ᠠ ᠶᠢᠨ ᠬᠠᠯᠠᠮᠰᠢᠯ ᠤᠲᠠᠰᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠡᠳᠡᠨ ᠳᠤ ᠰᠤᠷᠤᠯᠴᠠᠯᠭ᠎ᠠ ᠠᠮᠢᠳᠤᠷᠠᠯ᠂ ᠪᠡᠶ᠎ᠡ ᠰᠡᠳᠬᠢᠯ ᠤᠨ ᠡᠷᠡᠭᠦᠯ ᠮᠡᠨᠳᠦ ᠪᠣᠯᠤᠨ ᠬᠦᠮᠦᠯᠢᠭ ᠬᠠᠯᠠᠮᠵᠢᠯᠠᠯ ᠤᠨ | ᠲᠠᠯ᠎ᠠ ᠪᠠᠷ ᠣᠨᠴᠠᠭᠠᠶ ᠬᠠᠷᠠᠭᠠᠯᠵᠠᠯ ᠦᠵᠡᠭᠦᠯᠬᠦ ᠬᠡᠷᠡᠭᠲᠡᠶ ᠬᠡᠵᠦ ᠱᠠᠭᠠᠷᠳᠠᠪᠠ᠃ |