ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 141 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/3/31
       3 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ 141 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠠᠢ᠃ ᠭᠤᠤ ᠬᠤᠸᠠᠢ ᠵᠢᠩ᠂ ᠰᠤ᠋ ᡁᠢ ᠰᠢᠶᠦ᠋ᠩ᠂ ᠰᠤ᠋ ᠵᠧᠨ ᠫᠢᠩ᠂ ᠼᠦᠢ ᠶᠦᠩ ᠫᠢᠩ᠂ ᠦᠨᠢᠷᠵᠢᠷᠭᠠᠯ᠂ ᠸᠠᠩ ᠵᠢᠶᠤᠤ᠂ ᠸᠠᠩ ᠱᠤ᠋ ᠬᠤᠩ ᠬᠤᠷᠠᠯ ᠳᠤ ᠤᠷᠤᠯᠴᠠᠨ᠂ ᠳ᠋ᠦ᠋ ᠵᠢᠶᠠᠨ ᠶᠦᠩ᠂ ᠯᠢᠦ ᠶᠦᠩ ᠹᠦ᠋᠂ ᠸᠠᠩ ᠱᠤᠸᠠᠢ᠂ ᠯᠢ ᠵᠢᠶᠦ᠋ᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃

        ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠦ︔ ᠪᠥᠬᠦ ᠤᠯᠤᠰ᠂

ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠪᠥᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ

ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ

ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠣᠷᠣᠨ᠂ ᠪᠥᠬᠦ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ

ᠰᠠᠨᠠᠭ᠎ᠠ᠂ ᠪᠥᠬᠦ ᠣᠷᠣᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠤᠯᠠᠮᠵᠢᠯᠠᠵᠦ︔ ︽ᠳᠠᠯᠠᠳ ᠬᠤᠰᠢᠭᠤᠨ ᠤ

ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠠᠵᠢᠯ ᠤᠨ ᠢᠯᠡᠳᠬᠡᠯ︾ ︽ᠳᠠᠯᠠᠳ

ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠤᠨ 2020 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ

ᠵᠦᠪᠰᠢᠶᠡᠷᠡᠵᠦ︔ ᠺᠠᠳ᠋ᠷ ᠤᠨ ᠲᠤᠰᠢᠶᠠᠯ ᠬᠠᠪᠰᠤᠷᠭᠠᠬᠤ ᠪᠠ ᠠᠵᠢᠯ ᠤᠨ ᠠᠮᠠᠷᠠᠯᠲᠠ ᠠᠪᠬᠤ ᠶᠠᠪᠤᠳᠠᠯ ᠢ ᠰᠤᠳᠤᠯᠤᠨ ᠶᠠᠷᠢᠯᠴᠠᠵᠦ︔ ᠨᠡᠭᠦᠷᠡᠰᠦᠨ ᠤ ᠡᠬᠢ

ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ

ᠰᠤᠳᠤᠯᠤᠨ ᠶᠠᠷᠢᠯᠴᠠᠵᠠᠢ᠃    

           

       ᠴᠢ᠊᠂ ᠳᠠᠯᠠᠨᠳᠠᠢ ᠵᠢᠭᠠᠬᠤ ᠳᠤ ᠪᠠᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠳᠤᠭᠳᠠᠭᠠᠯ ᠠᠴᠠ ᠵᠦᠷᠢᠴᠡᠵᠦ ᠬᠠᠤᠯᠢ ᠠᠴᠠ

ᠵᠥᠷᠢᠴᠡᠭᠰᠡᠨ ᠠᠰᠠᠭᠤᠳᠠᠯ ᠢ ᠳᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ

ᠬᠤᠷᠢᠶ᠎ᠠ ᠠᠴᠠ ᠥᠪᠥᠷ ᠮᠣᠩᠭᠤᠯ ᠳᠤ ᠨᠠᠶᠢᠳᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ

ᠠᠵᠢᠯᠯᠠᠬᠤ ᠳᠤᠭᠤᠶᠢᠯᠠᠩ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭᠠᠨ ᠤ ᠲᠠᠨᠢᠯᠲᠠ ᠪᠠᠨ

ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠬᠢᠨᠠᠨ

ᠵᠢᠯᠤᠭᠤᠳᠬᠤ ᠬᠠᠷᠢᠭᠤ  ᠮᠡᠳᠡᠭᠦᠯᠦᠯᠳᠡ ᠶᠢᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠦ᠂ ᠠᠵᠢᠯ ᠤᠨ ᠬᠠᠷᠢᠭᠤᠴᠠᠯᠭ᠎ᠠ ᠪᠡᠨ‌ᠤᠯᠠᠮ ᠨᠢᠭᠡ ᠠᠯᠬᠤᠮ

ᠪᠤᠳᠠᠳᠠᠶᠢᠵᠢᠭᠤᠯᠤᠨ᠂ ᠱᠠᠲᠤ ᠱᠠᠲᠤ ᠪᠠᠷ ᠳᠠᠷᠤᠯᠲᠠ ᠥᠭᠴᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ

ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢ ᠰᠠᠶᠢᠳᠤᠷ ᠠᠳᠬᠤᠬᠤ ᠶᠢ ᠦᠨᠡᠨᠬᠦ ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠭᠦᠨᠵᠡᠭᠡᠢ ᠦᠷᠨᠢᠬᠦ

 ᠶᠢ ᠪᠠᠳᠤᠳᠠᠢ ᠠᠬᠢᠭᠤᠯᠬᠤ ᠬᠡᠷᠡᠭᠳᠡᠢ ᠭᠡᠵᠡᠢ᠃

       ᠴᠢ᠊ · ᠳᠠᠯᠠᠨᠳᠠᠢ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠢᠯᠯᠠᠬᠤ ᠳᠤᠭᠤᠶᠢᠯᠠᠩ ᠤᠨ ᠬᠢᠨ ᠠᠵᠢᠯ ᠤᠨ ᠡᠭᠦᠷᠭᠡ ᠪᠠᠨ

ᠳᠤᠳᠤᠷᠬᠠᠶᠢᠯᠠᠨ᠂ ᠪᠣᠳᠠᠲᠠᠶ ᠠᠵᠢᠯ ᠤᠨ ᠠᠷᠭ᠎ᠠ ᠪᠠᠷᠢᠯ ᠢᠶᠠᠨ ᠨᠠᠷᠢᠯᠢᠭᠵᠢᠭᠤᠯᠤᠨ᠂ ᠠᠵᠢᠯᠯᠠᠬᠤ ᠠᠷᠭ᠎ᠠ ᠮᠠᠶ᠋ᠢᠭ ᠪᠠᠨ ᠰᠤᠳᠤᠯᠵᠤ᠂ ᠠᠵᠢᠯ ᠤᠨ ᠭᠤᠤᠯᠳᠠᠯᠭ᠎ᠠ ᠳᠤ

ᠠᠩᠬᠠᠷᠤᠯ ᠢᠶᠠᠨ ᠳᠦᠪᠯᠡᠷᠡᠭᠦᠯᠦᠨ᠂ ᠠᠰᠠᠭᠤᠳᠠᠯ ᠢ ᠡᠷᠢᠬᠦ ᠲᠠᠯ᠎ᠠ ᠪᠠᠷ ᠳᠠᠬᠢᠨ ᠠᠩᠬᠠᠷᠤᠯ ᠢᠶᠠᠨ ᠳᠦᠪᠯᠡᠷᠡᠭᠦᠯᠦᠨ᠂ ᠳᠠᠬᠢᠨ ᠭᠦᠨᠵᠡᠭᠡᠶᠢᠷᠡᠭᠦᠯᠵᠦ᠂ ᠠᠷᠭ᠎ᠠ ᠬᠡᠮᠵᠢᠶ᠎ᠡ

ᠪᠠ ᠠᠷᠭ᠎ᠠ ᠪᠠᠷᠢᠯ ᠤᠨ ᠲᠠᠯ᠎ᠠ ᠪᠠᠷ ᠳᠠᠬᠢᠨ‌‍ᠴᠢᠩᠭᠠᠳᠬᠠᠨ᠂ ᠳᠠᠬᠢᠨ‌‍ᠰᠢᠯᠢᠳᠡᠭᠵᠢᠭᠦᠯᠵᠦ᠂ ᠠᠰᠠᠭᠤᠳᠠᠯ ᠢ ᠣᠨᠣᠪᠴᠢᠲᠠᠶ ᠵᠢᠭᠰᠠᠭᠠᠨ ᠪᠠᠶᠢᠴᠠᠭᠠᠵᠤ᠂ ᠰᠠᠶᠢᠳᠤᠷ ᠬᠢᠬᠦ

ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠤᠯᠭᠠᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠳᠦᠷᠦ ᠶᠢᠨ ᠪᠣᠳᠣᠯᠭ᠎ᠠ ᠶᠢ ᠤᠶᠢᠯᠠᠭᠠᠬᠤ᠂

ᠲᠠᠩᠰᠠ ᠡᠪᠬᠡᠮᠡᠯ ᠢ ᠡᠮᠬᠢᠯᠡᠬᠦ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠵᠡᠷᠭᠡᠪᠡᠷ ᠠᠬᠢᠭᠤᠯᠵᠤ᠂ ᠥᠪᠡᠷ ᠢ ᠪᠠᠨ ᠪᠠᠶᠢᠴᠠᠭᠠᠬᠤ᠂ ᠬᠤᠯᠪᠣᠭᠠᠯᠠᠨ ᠪᠠᠶᠢᠴᠠᠭᠠᠬᠤ᠂

ᠬᠢᠨᠠᠨ ᠪᠠᠶᠢᠴᠠᠭᠠᠬᠤ ᠵᠡᠷᠭᠡ ᠡᠯ᠎ᠡ ᠱᠠᠲᠤ ᠦᠶ᠎ᠡ ᠶᠢᠨ ᠭᠤᠤᠯᠳᠠᠯᠭ᠎ᠠ ᠲᠠᠢ ᠠᠵᠢᠯ ᠢ ᠨᠠᠷᠢᠨ ᠪᠣᠳᠠᠲᠠᠶ ᠠᠳᠬᠤᠵᠤ᠂ ᠰᠡᠵᠢᠭᠯᠡᠯᠲᠡᠶ ᠠᠰᠠᠭᠤᠳᠠᠯ ᠨᠢᠭᠡᠪᠦᠷᠢ ᠶᠢ ᠨᠢᠭᠡᠳ

ᠨᠢᠭᠡ ᠪᠠᠷ ᠵᠢᠭᠰᠠᠭᠠᠨ ᠪᠠᠶᠢᠴᠠᠭᠠᠵᠤ᠂  ᠡᠬᠢ  ᠦᠨᠳᠦᠰᠦ ᠶᠢ ᠨᠢ ᠲᠣᠳᠣᠷᠬᠠᠶᠢᠯᠠᠬᠤ ᠬᠡᠷᠡᠭᠲᠡᠶ᠃ ᠲᠤᠰᠬᠠᠶ ᠵᠦᠶᠯ ᠤᠨ ᠬᠢᠨᠠᠨ ᠪᠠᠶᠢᠴᠠᠭᠠᠬᠤ ᠠᠵᠢᠯ ᠢ ᠬᠠᠨᠳᠤᠯᠭᠠᠲᠤ

ᠴᠢᠨᠠᠷᠲᠠᠶ ᠪᠠᠷ ᠥᠷᠨᠢᠭᠦᠯᠵᠦ᠂ ᠦᠪᠡᠷᠳᠡᠭᠡᠨ ᠪᠠᠶᠢᠴᠠᠭᠠᠭᠰᠠᠨ᠂ ᠬᠠᠮᠲᠤᠷᠠᠨ ᠪᠠᠶᠢᠴᠠᠭᠠᠭᠰᠠᠨ ᠦᠷ᠎ᠡ ᠳ᠋ᠦᠩ ᠳᠤ ᠲᠠᠬᠢᠨ ᠬᠢᠨᠠᠯᠲᠠ ᠲᠠᠯᠪᠢᠵᠤ᠂ ᠲᠤᠰᠬᠠᠯ ᠶᠡᠬᠡᠲᠡᠶ

ᠲᠤᠪᠤᠶᠢᠢᠮ᠎ᠠ ᠠᠰᠠᠭᠤᠳᠠᠯ᠂ ᠢᠯᠡᠳᠲᠡ ᠣᠮᠲᠣᠭᠠᠶᠢᠯᠠᠭᠰᠠᠨ ᠠᠰᠠᠭᠤᠳᠠᠯ ᠢ ᠬᠦᠴᠦᠨ ᠢᠶᠠᠨ ᠳᠦᠪᠯᠡᠷᠡᠭᠦᠯᠦᠨ‌‍ᠰᠢᠢᠳᠪᠤᠷᠢᠯᠡᠬᠦ ᠬᠡᠷᠡᠭᠲᠡᠶ᠃ ᠬᠠᠮᠢᠶ᠎ᠠ ᠪᠥᠬᠦᠶ ᠠᠵᠢᠯ ᠤᠨ

ᠱᠠᠭᠠᠷᠳᠠᠯᠭ᠎ᠠ᠂ ᠴᠠᠭ ᠤᠨ ᠬᠢᠵᠠᠭᠠᠷ ᠤᠨ ᠱᠠᠭᠠᠷᠳᠠᠯᠭ᠎ᠠ᠂ ᠲᠠᠰ ᠳᠠᠷᠠᠭᠠᠯᠠᠯ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠡᠯ᠎ᠡ ᠳᠦᠷᠦᠯ ᠤᠨ ᠠᠵᠢᠯ ᠤᠨ

ᠠᠬᠢᠴᠠ ᠶᠢ ᠲᠦᠷᠭᠡᠳᠬᠡᠨ ᠠᠬᠢᠭᠤᠯᠵᠤ᠂ ᠠᠵᠢᠯ ᠤᠨ ᠬᠤᠭᠤᠴᠠᠭ᠎ᠠ ᠶᠢ ᠳᠤᠩᠭᠤᠷᠠᠭᠤᠯᠤᠨ ᠵᠢᠭᠰᠠᠭᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ

ᠠᠳᠬᠤᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠡᠢ᠃      

   

          ᠭᠤᠤ ᠬᠤᠸᠠᠢ ᠵᠢᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ

ᠳᠦᠷᠢᠮ ᠲᠣᠭᠲᠠᠭᠠᠯ ᠪᠠ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ᠂

ᠪᠤᠳᠤᠯᠢᠶᠠᠨᠲᠤ ᠴᠢᠨᠠᠷ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠶ᠃ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠡᠭᠡᠳᠦ

ᠬᠡᠮᠵᠢᠶ᠎ᠡ ᠪᠠᠷ ᠴᠢᠬᠤᠯᠠᠴᠢᠯᠠᠨ‌ᠦᠵᠡᠵᠦ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠨ᠂ ᠴᠠᠭ ᠲᠤᠬᠠᠶ ᠳᠤᠨᠢ ᠳᠤᠬᠢᠷᠠᠭᠤᠯᠤᠨ᠂ ᠵᠦᠪᠳᠡᠯᠴᠠᠨ ᠨᠡᠪᠲᠡᠷᠡᠯᠴᠡᠬᠦ

ᠲᠣᠭᠲᠠᠴᠠ ᠶᠢ ᠪᠠᠶᠢᠭᠤᠯᠵᠤ᠂ ᠡᠯ᠎ᠡ ᠲᠤᠰᠬᠠᠶ ᠳᠦᠷᠦᠯ ᠤᠨ ᠳᠤᠭᠤᠶᠢᠯᠠᠩ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠶᠳᠪᠦᠷᠢᠯᠡᠬᠦ

ᠬᠡᠷᠡᠭᠲᠡᠶ᠃ ︽ᠨᠢᠭᠡ ᠠᠭᠤᠷᠬᠠᠶ ᠨᠢᠭᠡ ᠲᠠᠩᠰᠠ ᠡᠪᠬᠡᠮᠡᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠠᠭ ᠬᠤᠭᠤᠴᠠᠭ᠎ᠠ᠂ ᠠᠵᠢᠯᠲᠠᠨ᠂ ᠴᠤᠪᠤᠷᠠᠯ ᠤᠨ

ᠬᠦᠴᠦᠨ ᠵᠦᠶᠯ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠰᠠᠭᠤᠳᠠᠯ ᠢ ᠦᠨᠡᠨᠬᠦ ᠭᠦᠨᠵᠡᠭᠡᠶ᠂ ᠪᠤᠳᠠᠳᠠᠢ᠂ ᠨᠠᠷᠢᠨ᠂ ᠳᠤᠳᠤᠯᠠᠨ ᠪᠠᠶᠢᠴᠠᠭᠠᠵᠦ᠂ ︽ᠨᠢᠭᠡ ᠠᠭᠤᠷᠬᠠᠶ

ᠨᠢᠭᠡ ᠶᠢ ᠴᠡᠪᠡᠷᠯᠡᠬᠦ︾ ᠶᠢ ᠪᠡᠶᠡᠯᠡᠭᠦᠯᠬᠦ ᠬᠡᠷᠡᠭᠲᠡᠶ ᠭᠡᠵᠡᠢ᠃    

             

        ᠬᠤᠷᠠᠯ ᠳᠡᠭᠡᠷ᠎ᠡ᠂ ᠰᠤ᠋ ᡁᠢ ᠰᠢᠶᠦ᠋ᠩ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠢ

ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠶ

ᠴᠡᠭᠴᠡᠯᠡᠨ ᠵᠠᠰᠠᠬᠤ ᠠᠵᠢᠯ ᠤᠨ ᠬᠢᠨᠠᠨ ᠵᠢᠯᠤᠭᠤᠳᠬᠤ ᠬᠠᠷᠢᠭᠤ ᠮᠡᠳᠡᠭᠦᠯᠦᠯᠳᠡ ᠵᠢᠨ‌ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ