ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ | ᠪᠦᠬᠦᠢ ᠲᠣᠭᠲᠠᠭᠠᠯ ᠶᠣᠰᠣᠭᠠᠷ᠂ ᠮᠠᠨ ᠤ ᠬᠤᠲᠠ ᠶᠢᠨ ᠥᠨᠳᠥᠷ ᠭᠤᠷᠪᠠ ᠪᠠ ᠠᠩᠬ᠎ᠠ ᠭᠤᠷᠪᠠ ᠶᠢᠨ ᠰᠤᠷᠤᠭᠴᠢᠳ | 3 ᠰᠠᠷ᠎ᠠ ᠶᠢᠨ 30 ᠤ ᠡᠳᠥᠷ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠡᠬᠢᠯᠡᠭᠦᠯᠦᠯ᠎ᠡ᠃ | ᠮᠠᠨ ᠤ ᠬᠤᠲᠠ ᠶᠢᠨ 23 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 10409 ᠰᠤᠷᠤᠭᠴᠢ᠂ 50 | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ 19300 ᠰᠤᠷᠤᠭᠴᠢ ᠰᠤᠷᠤᠯᠴᠠᠵᠤ ᠪᠣᠢ᠃ ᠡᠭᠦᠨ ᠳᠤ | ᠰᠦᠯᠵᠢᠶ᠎ᠡ ᠪᠠᠷ ᠰᠠᠷ᠎ᠠ ᠭᠠᠷᠤᠢ ᠬᠤᠭᠤᠴᠠᠭ᠎ᠠ ᠰᠤᠷᠤᠯᠴᠠᠭᠰᠠᠨ ᠥᠨᠳᠥᠷ ᠭᠤᠷᠪᠠ ᠪᠠ ᠠᠩᠬ᠎ᠠ ᠭᠤᠷᠪᠠ ᠶᠢᠨ | ᠰᠤᠷᠤᠭᠴᠢᠳ 3 ᠰᠠᠷ᠎ᠠ ᠶᠢᠨ 28 ᠪᠠ 29 ᠤ ᠡᠳᠥᠷ ᠨᠡᠷ᠎ᠡ ᠪᠠᠨ ᠮᠡᠳᠡᠭᠦᠯᠦᠨ᠂ 30 ᠤ ᠡᠳᠥᠷ ᠠᠴᠠ ᠵᠢᠩᠬᠢᠨᠢ ᠪᠠᠷ | ᠬᠢᠴᠢᠶᠡᠯ ᠢᠶᠠᠨ ᠡᠬᠢᠯᠡᠭᠦᠯᠵᠠᠢ᠃ | ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠦᠨᠳᠥᠰᠦᠯᠡᠨ᠂ ᠮᠠᠨ ᠤ ᠬᠤᠲᠠ ᠶᠢᠨ ᠥᠨᠳᠥᠷ ᠳᠤᠮᠳᠠᠳᠤ | ᠪᠠ ᠠᠩᠬ᠎ᠠ ᠳᠤᠮᠳᠠᠳᠤ ᠶᠢᠨ ᠪᠤᠰᠤᠳ ᠣᠨ ᠤ ᠰᠤᠷᠤᠭᠴᠢᠳ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ ᠶᠢ ᠠᠯᠬᠤᠮ ᠳᠠᠷᠠᠭ᠎ᠠ ᠲᠠᠢ ᠪᠠᠷ ᠡᠬᠢᠯᠡᠭᠦᠯᠬᠦ ᠪᠠᠷ ᠪᠠᠶᠢᠬᠤ ᠪᠥᠭᠡᠳ ᠶᠡᠭᠡ ᠳᠡᠭᠡᠳᠦ ᠰᠤᠷᠭᠠᠭᠤᠯᠢ ᠶᠢᠨ | ᠬᠢᠴᠢᠶᠡᠯ ᠢ ᠰᠤᠷᠭᠠᠨ ᠬᠥᠮᠦᠵᠢᠯ ᠤᠨ ᠶᠠᠮᠤᠨ ᠤ ᠨᠢᠭᠡᠳᠥᠯᠲᠡᠢ ᠪᠠᠶᠢᠷᠢᠯᠠᠭᠤᠯᠤᠯᠲᠠ ᠶᠣᠰᠣᠭᠠᠷ ᠰᠡᠷᠭᠦᠭᠡᠬᠦ ᠪᠠᠷ ᠪᠠᠶᠢᠨ᠎ᠠ | ᠃ | | |