ᠪᠥᠬᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠦᠷᠢᠴᠡᠵᠦ ᠬᠠᠦᠯᠢ ᠠᠴᠠ ᠵᠦᠷᠢᠴᠡᠭᠰᠡᠨ ᠠᠰᠠᠭᠤᠳᠠᠯ  ᠢ ᠳᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/3/9
      3 ᠳ᠋ᠤᠭᠠᠷ ᠰᠠᠷ᠎ᠠ ᠶᠢᠨ 3 ᠤ ᠡᠳᠦᠷ᠂ ᠪᠥᠬᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠳᠤᠭᠳᠠᠭᠠᠯ ᠠᠴᠠ ᠵᠦᠷᠢᠴᠡᠵᠦ ᠬᠠᠦᠯᠢ ᠠᠴᠠ ᠵᠦᠷᠢᠴᠡᠭᠰᠡᠨ ᠠᠰᠠᠭᠤᠳᠠᠯ ᠢ ᠳᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠦ᠂ ᠪᠥᠬᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠳᠤᠭᠳᠠᠭᠠᠯ ᠠᠴᠠ ᠵᠦᠷᠢᠴᠡᠵᠦ ᠬᠠᠦᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠳᠤ ᠳᠠᠬᠢᠨ ᠪᠠᠶᠢᠷᠢᠯᠠᠭᠤᠯᠤᠯᠳᠠ ᠬᠢᠵᠡᠢ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠴᠢ᠊᠂ ᠳᠠᠯᠠᠨᠳᠠᠢ ᠬᠤᠷᠠᠯ ᠡᠷᠬᠢᠯᠡᠨ ᠶᠠᠷᠢᠶ᠎ᠠ ᠲᠠᠯᠪᠢᠵᠠᠶ᠃ ᠬᠤᠰᠢᠭᠤᠨ ᠤ ᠤᠳᠤᠷᠢᠳᠤᠯᠭ᠎ᠠ ᠰᠤ᠋ ᡁᠢ ᠰᠢᠶᠦ᠋ᠩ᠂ ᠸᠠᠩ ᠫᠢᠩ᠂ ᠮᠠ ᠯᠢᠨ᠂ ᠸᠠᠩ ᠱᠤᠸᠠᠢ᠂ ᠯᠢ ᠵᠢᠶᠦ᠋ᠨ ᠬᠤᠷᠠᠯ ᠳᠤ ᠣᠷᠣᠯᠴᠠᠪᠠ᠃

        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠰᠤ᠋ ᡁᠢ ᠰᠢᠶᠦ᠋ᠩ᠂ ᠱᠢ ᠲᠠᠢ ᠹᠧᠩ

ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠠᠬᠢ ᠶᠠᠷᠢᠶᠠᠨ ᠤ ᠵᠣᠷᠢᠭ ᠰᠠᠨᠠᠭ᠎ᠠ᠂

ᠯᠢᠨ ᠱᠣᠤ ᠴᠦᠨ ᠳᠡᠳ᠋ ᠱᠦᠵᠢ ᠶᠢᠨ ᠣᠷᠳᠣᠰ ᠬᠤᠲᠠ ᠳᠤ ᠪᠠᠶᠢᠴᠠᠭᠠᠨ ᠰᠤᠳᠤᠯᠤᠯᠳᠠ ᠬᠢᠬᠦ ᠦᠶ᠎ᠡ ᠶᠢᠨ ᠴᠡᠭᠴᠡᠯᠡᠨ ᠵᠠᠰᠠᠬᠤ ᠠᠵᠢᠯ ᠤᠨ ᠶᠠᠷᠢᠯᠴᠠᠬᠤ ᠬᠤᠷᠠᠯ

 ᠳᠠᠬᠢ ᠶᠠᠷᠢᠶᠠᠨ ᠤ ᠵᠣᠷᠢᠭ ᠰᠠᠨᠠᠭ᠎ᠠ ᠵᠢᠴᠢ ᠬᠤᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭᠠᠨ ᠤ

ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳᠠᠮᠵᠢᠭᠤᠯᠵᠦ᠂ ᠮᠠᠨ ᠤ ᠬᠤᠰᠢᠭᠤᠨ ᠤ ︽ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠳᠤ ᠲᠠᠶᠢᠯᠤᠮᠵᠢ

ᠬᠢᠪᠠ᠃ ᠬᠤᠷᠠᠯ ᠠᠴᠠ ᠪᠠᠰᠠ ᠮᠠᠨ ᠤ ᠬᠤᠰᠢᠭᠤᠨ ᠤ ︽ᠴᠡᠭᠴᠡᠯᠡᠨ ᠵᠠᠰᠠᠬᠤ ᠬᠢᠨᠠᠨ ᠪᠠᠶᠢᠴᠠᠭᠠᠯᠲᠠ ᠶᠢᠨ ᠠᠵᠢᠯ ᠤᠨ ᠳᠦᠰᠦᠯ︾ ᠳᠤ ᠲᠠᠶᠢᠯᠤᠮᠵᠢ ᠬᠢᠵᠡᠢ᠃      

 

       ᠴᠢ᠊᠂ ᠳᠠᠯᠠᠨᠳᠠᠢ ᠴᠢᠬᠤᠯᠠᠴᠢᠯᠠᠬᠤ ᠳᠠᠭᠠᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠳᠤᠭᠳᠠᠭᠠᠯ ᠠᠴᠠ ᠵᠦᠷᠢᠴᠡᠵᠦ ᠬᠠᠤᠯᠢ ᠠᠴᠠ

ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ

ᠮᠥᠴᠢᠷ ᠤᠨ ᠬᠢᠨ ᠦᠵᠡᠯ ᠰᠠᠨᠠᠭᠠᠨ ᠤ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ

ᠳᠡᠭᠡᠭᠰᠢᠯᠡᠭᠦᠯᠵᠦ᠂ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠳᠠ ᠵᠢᠨ‌‍ᠲ᠋ᠤᠬᠠᠶ ᠡᠯ᠎ᠡ ᠳᠦᠷᠦᠯ ᠤᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ

ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠨᠡᠨᠬᠦ ᠬᠠᠳᠠᠭᠤ ᠲᠠᠢ ᠬᠠᠯᠳᠠᠬᠤ ᠡᠷᠴᠢ ᠵᠣᠷᠢᠭ ᠪᠠᠷ ᠲᠤᠰᠬᠠᠶ ᠴᠡᠭᠴᠡᠯᠡᠨ ᠵᠠᠰᠠᠯᠳᠡ ᠶᠢᠨ ᠠᠵᠢᠯ ᠢ ᠭᠦᠨᠵᠡᠭᠡᠶ

ᠥᠷᠨᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠡᠢ᠃ ᠴᠢ᠊᠂ ᠳᠠᠯᠠᠨᠳᠠᠢ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ᠂ ᠬᠤᠲᠠ᠂

ᠬᠤᠰᠢᠭᠤᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ᠪᠣᠯᠤᠨ ᠬᠢᠨᠠᠨ ᠪᠠᠶᠢᠴᠠᠭᠠᠬᠤ ᠠᠵᠢᠯ ᠤᠨ ᠲᠥᠰᠦᠯ ᠤᠨ ᠱᠠᠭᠠᠷᠳᠠᠯᠭ᠎ᠠ ᠶᠤᠰᠤᠭᠠᠷ᠂ ᠦᠳᠲᠡᠷ

ᠲᠦᠷᠭᠡᠨ‌‍ᠲ᠋ᠣᠭᠢᠷᠠᠭᠤᠯᠤᠨ ᠪᠠᠶᠢᠷᠢᠯᠠᠭᠤᠯᠵᠤ᠂ ᠲᠤᠰᠬᠠᠶ ᠴᠡᠭᠴᠡᠯᠡᠨ ᠵᠠᠰᠠᠯᠳᠡ ᠶᠢᠨ ᠡᠯ᠎ᠡ ᠳᠦᠷᠦᠯ ᠤᠨ ᠠᠵᠢᠯ ᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠢᠨ ᠬᠢᠨᠠᠮᠠᠭᠠᠢ ᠡᠮᠬᠢᠯᠡᠨ᠂ ᠪᠥᠬᠦ ᠲᠠᠯ᠎ᠠ ᠤᠨ ᠦᠪᠡᠷ

 ᠤᠨ ᠪᠠᠶᠢᠴᠠᠭᠠᠯᠳᠠ ᠬᠢᠵᠦ᠂ ᠡᠯ᠎ᠡ ᠱᠠᠲᠤ ᠦᠶ᠎ᠡ ᠶᠢᠨ ᠭᠤᠤᠯᠳᠠᠯᠭ᠎ᠠ ᠲᠠᠢ ᠠᠵᠢᠯ ᠢ ᠨᠠᠷᠢᠯᠢᠭ ᠠᠳᠬᠤᠵᠤ᠂ ᠬᠠᠤᠯᠢ ᠶᠣᠰᠣᠭᠠᠷ ᠲᠤᠰᠬᠠᠶ ᠴᠡᠭᠴᠡᠯᠡᠨ ᠵᠠᠰᠠᠯᠳᠡ ᠶᠢᠨ

ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠳᠤᠳᠤᠷᠬᠠᠶᠢᠯᠠᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂

ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠲᠤᠰᠬᠠᠶ ᠴᠡᠭᠴᠡᠯᠡᠨ ᠵᠠᠰᠠᠯᠳᠡ ᠵᠢᠨ‌ᠡᠯ᠎ᠡ ᠳᠦᠷᠦᠯ ᠤᠨ

ᠠᠵᠢᠯ ᠢ ᠨᠢᠭᠡᠳᠦᠯᠲᠡᠶ ᠲᠦᠯᠦᠪᠯᠡᠵᠦ ᠰᠠᠶᠢᠲᠤᠷ ᠬᠢᠬᠦ ᠬᠡᠷᠡᠭᠲᠡᠶ᠃ ᠲᠤᠰᠬᠠᠶ  ᠴᠡᠭᠴᠡᠯᠡᠨ ᠵᠠᠰᠠᠯᠳᠡ ᠶᠢᠨ ᠡᠯ᠎ᠡ ᠳᠦᠷᠦᠯ ᠤᠨ ᠠᠵᠢᠯ ᠢ ᠤᠷᠢᠳᠴᠢᠯᠠᠨ ᠲᠥᠯᠥᠪᠯᠡᠵᠦ᠂

ᠭᠠᠷᠠᠭ ᠪᠦᠷᠢ ᠨᠢᠭᠡ ᠤᠳᠠᠭ᠎ᠠ ᠳᠤᠬᠢᠷᠠᠭᠤᠯᠤᠯᠳᠠ ᠬᠢᠬᠦ ᠶᠢ ᠬᠡᠷᠡᠭᠵᠢᠭᠦᠯᠦᠨ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠨ᠂ ᠴᠢᠬᠤᠯᠠ ᠶᠡᠭᠡ

ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠬᠦ ᠬᠡᠷᠡᠭᠲᠡᠶ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ

ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠠᠷᠢᠭᠤᠴᠠᠯᠭ᠎ᠠ᠂ ᠭᠤᠤᠯ ᠴᠣᠭᠴᠠ ᠵᠢᠨ‌ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠤᠯᠠᠮ ᠨᠢᠭᠡ

ᠠᠯᠬᠤᠮ ᠪᠣᠳᠠᠲᠠᠶᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠳᠤᠬᠢᠷᠠᠭᠤᠯᠤᠯᠳᠠ ᠶᠢ ᠴᠢᠩᠭᠠᠳᠬᠠᠨ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠲᠤᠰᠬᠠᠶ

ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ ᠬᠤᠷᠠᠯ ᠳᠡᠭᠡᠷ᠎ᠡ᠂ ᠬᠤᠰᠢᠭᠤᠨ ᠤ

ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠦᠷᠢᠴᠡᠵᠦ ᠬᠠᠦᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ

ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠳᠤᠭᠤᠶᠢᠯᠠᠩ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠬᠡᠷ ᠪᠣᠯᠤᠨ

ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠬᠡᠷ ᠤᠨ ᠳᠣᠤᠷ᠎ᠠ ᠪᠠᠶᠢᠭᠤᠯᠤᠭᠰᠠᠨ ᠡᠯ᠎ᠡ ᠲᠤᠰᠬᠠᠶ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ

ᠳᠤᠰᠪᠤᠷᠢ ᠣᠪᠣᠷ ᠢᠶᠠᠨ ᠢᠯᠡᠳᠬᠡᠬᠦ ᠶᠡᠷᠢᠶ᠎ᠠ ᠲᠠᠯᠪᠢᠵᠠᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ