ᠪᠦᠬᠦ ᠬᠤᠰᠢᠭᠤᠨ ᠤ ᠰᠢᠶᠠᠨ ᠤ ᠳᠡᠰ ᠤᠨ ᠨᠠᠮ ᠤᠨ ᠭᠡᠰᠢᠭᠦᠨ ᠤᠳᠤᠷᠢᠳᠤᠯᠭ᠎ᠠ ᠨᠠᠷ ᠲᠤᠯᠤᠭᠠᠶᠢᠯᠠᠨ‌‍ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠨᠳᠢᠪ ᠡᠷᠭᠦᠪᠡ
ᠨᠡᠶᠢᠲᠡᠯᠡᠭᠰᠡᠨ ᠴᠠᠭ᠄
2020/3/9
       3 ᠰᠠᠷ᠎ᠠ ᠶᠢᠨ 3 ᠤ ᠡᠳᠦᠷ᠂ ᠪᠥᠬᠦ ᠬᠤᠰᠢᠭᠤᠨ ᠤ ᠰᠢᠶᠠᠨ ᠤ ᠳᠡᠰ ᠤᠨ ᠨᠠᠮ ᠤᠨ ᠭᠡᠰᠢᠭᠦᠨ ᠤᠳᠤᠷᠢᠳᠤᠯᠭ᠎ᠠ ᠨᠠᠷ ᠲᠤᠯᠤᠭᠠᠶᠢᠯᠠᠨ‌‍ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠨᠳᠢᠪ ᠡᠷᠭᠦᠪᠡ᠃ ᠴᠢ᠊᠂ ᠳᠠᠯᠠᠨᠳᠠᠢ᠂  ᠳ᠋ᠦ᠋ ᠵᠢᠶᠠᠨ ᠶᠦᠩ᠂ ᠯᠢᠦ ᠶᠦᠩ ᠹᠦ᠋᠂ ᠰᠤ᠋ ᡁᠢ ᠰᠢᠶᠦ᠋ᠩ᠂ ᠸᠠᠩ ᠫᠢᠩ᠂ ᠮᠠ ᠯᠢᠨ᠂ ᠰᠤ᠋ ᠵᠧᠨ ᠫᠢᠩ᠂ ᠼᠦᠢ ᠶᠦᠩ ᠫᠢᠩ᠂ ᠸᠠᠩ ᠵᠢᠶᠤᠤ ᠨᠠᠷ ᠬᠠᠨᠳᠢᠪ ᠡᠷᠭᠦᠭᠦ ᠶᠣᠰᠣᠯᠠᠯ ᠳᠤ ᠤᠷᠤᠯᠴᠠᠨ᠂ ᠰᠤ᠋ ᡁᠢ ᠰᠢᠶᠦ᠋ᠩ ᠬᠠᠨᠳᠢᠪ ᠡᠷᠭᠦᠭᠦ ᠶᠣᠰᠣᠯᠠᠯ ᠢ ᠡᠷᠬᠢᠯᠡᠪᠡ᠃

     

        ᠨᠠᠮ ᠤᠨ ᠲᠥᠪ ᠬᠤᠷᠢᠶᠠᠨ ᠤ ᠥᠷᠭᠡᠨ ᠣᠯᠠᠨ ᠨᠠᠮ ᠤᠨ ᠭᠡᠰᠢᠭᠦᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠦ᠂ ᠪᠦᠬᠦ ᠬᠤᠰᠢᠭᠤᠨ ᠤ ᠰᠢᠶᠠᠨ ᠤ ᠳᠡᠰ

‍ᠤᠨ‌ᠤᠳᠤᠷᠢᠳᠤᠯᠭ᠎ᠠ ᠨᠠᠷ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠪᠠᠷ ᠬᠠᠨᠳᠢᠪ

ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ

ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ

ᠳᠣᠣᠷ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠲᠤᠯᠤᠭᠠᠶᠢᠯᠠᠨ ᠦᠯᠢᠭᠡᠷ ᠳᠠᠭᠤᠷᠢᠶᠠᠯ ᠪᠤᠯᠵᠤ᠂

ᠬᠦᠴᠢᠷ ᠢ ᠰᠦᠷᠦᠨ ᠤᠷᠤᠭᠰᠢᠯᠠᠵᠤ᠂ ᠥᠷᠭᠡᠨ ᠤᠯᠠᠨ ᠠᠷᠠᠳ ᠲᠦᠮᠡᠨ ᠪᠦᠯᠬᠦᠮᠳᠡᠨ ᠨᠢᠭᠡᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠡᠷᠦᠩᠬᠡᠢ

ᠳᠠᠶᠢᠯᠠᠯᠳᠤᠭᠠᠨ᠂ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠨᠢ ᠯᠠᠪᠲᠠᠢ ᠶᠤᠮ᠃    

     

      ᠲᠣᠰ ᠤᠳᠠᠭᠠᠨ ᠤ ᠬᠠᠨᠳᠢᠪ ᠢ ᠪᠦᠬᠦᠨ ᠢ ᠬᠤᠰᠢᠭᠤ ᠨᠠᠮ ᠤᠨ ᠬᠤᠷᠢᠶᠠᠨ ᠤ ᠨᠠᠮ ᠤᠨ ᠵᠠᠷᠤᠳᠠᠯ ᠤᠨ ᠳᠤᠰᠬᠠᠢ ᠲᠠᠩᠰᠠᠨ ᠳᠤ ᠤᠷᠤᠭᠤᠯᠵᠦ᠂ ᠬᠤᠰᠢᠭᠤ

ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠪᠥᠬᠦ ᠬᠤᠰᠢᠭᠤᠨ ᠤ ᠨᠠᠮ ᠤᠨ ᠭᠡᠰᠢᠭᠦᠨ ᠤ ᠬᠠᠨᠳᠢᠪᠯᠠᠭᠰᠠᠨ ᠮᠦᠩᠭᠦ ᠢ ᠪᠦᠷᠢᠳᠬᠡᠭᠰᠡᠨ ᠤ ᠳᠠᠷᠠᠭ᠎ᠠ

ᠳᠤᠭᠳᠠᠭᠠᠯ ᠶᠣᠰᠣᠭᠠᠷ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ

ᠪᠠᠶᠢᠭᠤᠯᠬᠤ ᠬᠡᠯᠲᠡᠰ ︵ᠨᠠᠮ ᠤᠨ ᠭᠡᠰᠢᠭᠦᠨ ᠨᠢᠭᠡᠪᠤᠷᠢ ᠳᠤ ᠲᠥᠪ ᠤᠨ ᠵᠤᠬᠢᠶᠠᠨ ᠪᠠᠶᠢᠭᠤᠯᠬᠤ ᠬᠡᠯᠲᠡᠰ ᠤᠨ ᠨᠢᠭᠡᠳᠦᠯᠲᠡᠶ ᠬᠡᠯᠪᠡᠷᠢ ᠮᠠᠶ᠋ᠢᠭ ᠤᠨ ᠬᠠᠨᠳᠢᠪᠯᠠᠭᠰᠠᠨ

ᠪᠠᠷᠢᠮᠲᠠ ᠬᠢᠵᠦ ᠥᠭᠭᠦᠨ᠎ᠡ︶ ᠲᠤ ᠲᠤᠰᠢᠶᠠᠨ ᠦᠭᠭᠦᠨ᠎ᠡ᠃

      ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠲᠥᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠮᠠᠨ ᠤ ᠬᠤᠰᠢᠭᠤ ᠶᠡᠷᠦᠩᠬᠡᠶ ᠱᠦᠵᠢ ᠰᠢ ᠶᠢᠨ

ᠫᠢᠩ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠳᠦᠷᠦᠯ ᠤᠨ ᠰᠢᠶᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ

ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠳᠦᠷᠦᠯ ᠤᠨ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠠᠢ᠃

ᠣᠶᠢᠷ᠎ᠠ ᠶᠢᠨ ᠡᠳᠦᠷ ᠤᠳ ᠲᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠰᠢᠷᠭᠠᠭᠤ

ᠬᠠᠲᠠᠭᠤᠵᠢᠯᠲᠠᠶ ᠲᠡᠮᠡᠴᠡᠨ᠂ ᠦᠷᠭᠦᠯᠵᠢᠯᠡᠨ ᠡᠷᠡᠯᠬᠡᠭᠯᠡᠨ ᠪᠠᠶᠢᠯᠳᠤᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ

ᠦᠶ᠎ᠡ ᠶᠢᠨ ᠴᠢᠨᠠᠷᠲᠠᠶ ᠢᠯᠡᠯᠳᠡ ᠤᠯᠵᠠᠢ᠃

      ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠵᠤ ᠤᠭᠳᠤ ᠪᠣᠯᠬᠤ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠪᠥᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠳᠤ ᠮᠥᠨ ᠯᠡ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠢᠲᠡᠭᠡᠯ ᠵᠣᠷᠢᠭ ᠢᠶᠠᠨ

ᠪᠠᠳᠤᠳᠬᠠᠨ᠂ ᠰᠡᠳᠬᠢᠯ ᠢᠶᠠᠨ ᠨᠢᠭᠳᠠᠷᠠᠭᠤᠯᠤᠨ ᠬᠦᠴᠦ ᠪᠠᠨ ᠬᠠᠮᠲᠤᠳᠬᠠᠵᠤ᠂ ᠪᠡᠷᠭᠡ ᠴᠠᠭ ᠶᠢ ᠬᠠᠮᠲᠤ ᠪᠠᠷ ᠳᠤᠭᠤᠯᠵᠤ᠂ ︽ᠨᠢᠭᠡ ᠨᠢ ᠵᠤᠪᠠᠪᠠᠯ ᠨᠡᠶᠢᠳᠡ ᠪᠠᠷ ᠨᠢ

ᠳᠡᠮᠵᠢᠬᠦ︾ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠴᠢᠬᠤᠯᠠᠲᠠᠶ ᠪᠠᠶᠢᠨ᠎ᠠ᠃

      ᠡᠭᠦᠨ ᠤ ᠬᠠᠮᠲᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠤ ᠰᠠᠨᠠᠭᠠᠴᠢᠯᠠᠭ᠎ᠠ ᠭᠠᠷᠭᠠᠵᠤ᠄ ᠪᠥᠬᠦ ᠬᠤᠰᠢᠭᠤᠨ ᠤ ᠥᠷᠭᠡᠨ

ᠣᠯᠠᠨ ᠨᠠᠮ ᠤᠨ ᠭᠡᠰᠢᠭᠦᠨ ᠺᠠᠳ᠋ᠷ ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠂ ᠢᠳᠡᠪᠬᠢᠲᠡᠶ ᠪᠠᠷ ᠵᠣᠭᠤᠰ ᠮᠥᠩᠭᠦ ᠡᠳ᠋ ᠪᠣᠳᠠᠰ

ᠬᠠᠨᠳᠢᠪᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠳᠡᠮᠵᠢᠵᠦ᠂ ᠬᠠᠶᠢᠷ᠎ᠠ ᠬᠠᠯᠠᠮᠵᠢ ᠪᠠᠷ ᠬᠢᠵᠢᠭ ᠤᠨ ᠪᠠᠶᠢᠳᠠᠯ ᠢ ᠢᠯᠠᠬᠤ

ᠬᠦᠴᠦᠷᠬᠡᠭ ᠶᠡᠭᠡ ᠢᠳᠡᠪᠬᠢ ᠬᠦᠴᠦᠨ ᠪᠣᠯᠭᠠᠬᠤ ᠶᠢ ᠬᠦᠰᠡᠵᠦ ᠪᠠᠶᠢᠨ᠎ᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ