ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2020/4/14
        4 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠭᠤᠤ ᠬᠤᠸᠠᠢ ᠵᠢᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠳ᠋ᠦ᠋ ᠵᠢᠶᠠᠨ ᠶᠦᠩ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠹᠦ᠋ ᠵᠡᠷᠭᠡ ᠬᠤᠰᠢᠭᠤᠨ  ᠤ ᠳᠥᠷᠪᠡᠨ ᠶᠡᠭᠡ ᠤᠳᠤᠷᠢᠳᠬᠤ ᠪᠠᠭ ᠤᠨ ᠬᠡᠷ ᠲᠡᠭᠡᠨ ᠪᠠᠶᠢᠬᠤ ᠤᠳᠤᠷᠢᠳᠤᠯᠭ᠎ᠠ ᠨᠠᠷ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠬᠦᠷᠴᠦ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠳᠠᠯᠠᠳ ᠤᠨ ᠡᠬᠡ ᠭᠠᠵᠠᠷ ᠲᠤ ᠨᠤᠭᠤᠭᠠᠷᠠᠭᠤᠯᠤᠯᠳᠠ ᠬᠢᠵᠦ᠂ ᠬᠠᠲᠤᠨ ᠭᠤᠤᠯ ᠤᠨ ᠰᠠᠪᠠ ᠭᠠᠵᠠᠷ ᠤᠨ ᠮᠠᠨ ᠤ ᠬᠤᠰᠢᠭᠤᠨ ᠤ ᠬᠡᠰᠡᠭ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ  ᠶᠢ ᠦᠨᠡᠨᠬᠦ ᠠᠬᠢᠭᠤᠯᠵᠠᠢ᠃

       ᠮᠣᠳᠣ ᠳᠠᠷᠢᠬᠤ ᠲᠤᠬᠠᠶ ᠶᠢᠨ ᠲᠠᠯᠠᠪᠠᠶ ᠳᠤ᠂ ᠣᠯᠠᠨ ᠢᠶᠠᠷ ᠢᠶᠠᠨ ᠬᠠᠮᠵᠢᠯᠴᠠᠨ᠂ ᠬᠠᠮᠲᠤ ᠪᠠᠷ ᠢᠶᠠᠨ ᠬᠦᠳᠡᠯᠦᠯᠴᠡᠵᠦ᠂ ᠨᠢᠭᠡ ᠦᠳᠡ ᠶᠢᠨ ᠡᠮᠦᠨ᠎ᠡ ᠶᠢᠨ

ᠶᠠᠭᠠᠷᠠᠯᠲᠠᠶ ᠬᠥᠳᠡᠯᠮᠦᠷᠢ ᠪᠠᠷ ᠳᠠᠮᠵᠢᠨ 14500 ᠰᠠᠭᠤᠷᠢ ᠬᠠᠶᠢᠯᠠᠰᠤᠨ ᠮᠣᠳᠣ ᠲᠠᠷᠢᠵᠠᠶ᠃                            

        ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠤᠷᠤᠯᠴᠠᠬᠤ ᠨᠢ᠂ ᠥᠷᠭᠡᠨ ᠤᠯᠠᠨ ᠺᠠᠳ᠋ᠷᠴᠤᠳ ᠲᠤ ᠠᠮᠢ ᠠᠬᠤᠢ ᠶᠢᠨ ᠪᠦᠳᠦᠭᠡᠨ

ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠲᠠᠨᠢᠭᠤᠯᠵᠤ᠂ ᠳᠠᠶᠠᠭᠠᠷ ᠤᠯᠠᠨ ᠳᠤ ᠦᠵᠡᠰᠬᠦᠯᠡᠩᠲᠦ ᠰᠠᠶᠢᠬᠠᠨ ᠭᠡᠷ

ᠣᠷᠣᠨ ᠢᠶᠠᠨ ᠪᠦᠳᠦᠭᠡᠨ ᠪᠠᠶᠢᠭᠤᠯᠬᠤ ᠡᠷᠴᠢ ᠵᠣᠷᠢᠭ ᠢ ᠬᠥᠭᠵᠢᠭᠡᠵᠡᠢ᠃ ︽ᠥᠨᠥᠳᠦᠷ ᠳᠠᠶᠠᠭᠠᠷ ᠤᠯᠠᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠲᠠᠷᠢᠬᠤ

ᠠᠵᠢᠯᠯᠠᠭ᠎ᠠ ᠳᠤ ᠣᠷᠣᠯᠴᠠᠭᠰᠠᠨ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠡᠨᠡ ᠨᠢ ᠳᠠᠷᠤᠢ ᠮᠠᠨ ᠤ ᠺᠠᠳ᠋ᠷ ᠤᠯᠠᠨ ᠰᠢ ᠶᠢᠨ ᠫᠢᠩ ᠤᠨ ᠠᠮᠢ ᠠᠬᠤᠢ ᠶᠢᠨ

ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠴᠢᠬᠤᠯᠠ ᠦᠢᠯᠡᠳᠦᠯᠭᠡ ᠮᠥᠨ᠂ ᠪᠦᠬᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ‌ᠮᠣᠳᠣ ᠲᠠᠷᠢᠵᠤ

ᠣᠶᠢᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠠᠯᠠᠳ ᠬᠤᠰᠢᠭᠤᠨ ᠤ ᠣᠭᠲᠠᠷᠭᠤᠢ ᠶᠢ ᠨᠡᠩ ᠴᠡᠯᠮᠡᠭ᠂ ᠠᠭᠤᠯᠠ ᠶᠢ ᠨᠡᠩ ᠬᠦᠬᠡ᠂ ᠤᠰᠤ ᠶᠢ ᠨᠡᠩ

ᠳᠤᠩᠭᠠᠯᠠᠭ ᠪᠤᠯᠭᠠᠵᠦ᠂ ᠮᠠᠨ ᠤ ᠠᠮᠢᠳᠤᠷᠠᠯ ᠤᠨ ᠣᠷᠴᠢᠨ ᠲᠣᠭᠤᠷᠢᠨ ᠵᠶ᠋ᠠᠨ‌ᠤᠯᠠᠮ ᠠᠴᠠ ᠤᠯᠠᠮ ᠭᠤᠶᠢᠳᠠ ᠰᠠᠶᠢᠬᠠᠨ ᠪᠣᠯᠭᠠᠬᠤ ᠶᠢ ᠬᠦᠰᠡᠵᠦ ᠪᠠᠶᠢᠨ᠎ᠠ᠃︾ ᠭᠡᠵᠦ

ᠱᠠᠭᠵᠢᠮᠤᠨᠢ ᠪᠠᠯᠭᠠᠰᠤᠨ ᠤ ᠠᠵᠢᠯᠳᠠᠨ ᠰᠢᠤᠢ ᠫᠸᠢ ᠷᠠᠨ ᠬᠡᠯᠡᠵᠦ ᠪᠠᠶᠢᠯ᠎ᠠ᠃    

       

        ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ

ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠬᠠᠮᠠᠭᠠᠯᠠᠯᠳᠠ ᠶᠢ ᠪᠦᠬᠦ ᠬᠦᠴᠦᠨ ᠪᠠᠷ ᠢᠶᠠᠨ ᠠᠬᠢᠭᠤᠯᠵᠤ᠂

ᠨᠡᠯᠢᠶᠡᠳ ᠰᠠᠶᠢᠨ ᠦᠷ᠎ᠡ ᠪᠦᠲᠦᠮᠵᠢ ᠣᠯᠵᠠᠶ᠃ 2019 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠤ ᠣᠶ ᠰᠢᠭᠤᠶ ᠶᠢᠨ ᠶᠡᠷᠦᠩᠬᠡᠶ ᠲᠠᠯᠠᠪᠠᠶ 368 ᠲᠦᠮᠡᠨ

ᠮᠥ ᠳᠤ ᠬᠦᠷᠴᠦ᠂ ᠡᠯᠡᠰᠦᠨ ᠰᠢᠭᠤᠷᠭ᠎ᠠ 2000 ᠣᠨ ᠳᠤ 22 ᠤᠳᠠᠭ᠎ᠠ ᠪᠠᠶᠢᠭᠰᠠᠨ ᠠᠴᠠ ᠪᠠᠨ 2019 ᠣᠨ ᠳᠤ 7 ᠤᠳᠠᠭ᠎ᠠ ᠪᠤᠯᠤᠨ ᠪᠠᠭᠤᠷᠠᠵᠦ᠂ ᠵᠢᠯ

ᠪᠦᠷᠢ ᠬᠠᠳᠤᠨ ᠭᠤᠤᠯ ᠳᠤ ᠴᠢᠳᠬᠤᠬᠤ ᠡᠯᠡᠰᠦ ᠰᠢᠪᠠᠷ ᠤᠨ ᠬᠡᠮᠵᠢᠶ᠎ᠡ ᠪᠠᠷᠤᠭ 990 ᠲᠦᠮᠡᠨ ᠲᠣᠨ ᠪᠠᠭᠠᠰᠴᠠᠢ︔ ᠣᠶ ᠰᠢᠭᠤᠶ᠂ ᠤᠷᠭᠤᠮᠠᠯ ᠬᠤᠴᠢᠯᠭ᠎ᠠ ᠶᠢᠨ

ᠪᠦᠷᠬᠦᠴᠡ ᠶᠢᠨ ᠨᠤᠷᠮ᠎ᠠ ᠳᠤᠰᠪᠤᠷᠢ 28.9% ᠪᠠ 78.8% ᠳᠤ ᠬᠦᠷᠴᠡᠢ︔ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠲᠠᠯᠠᠪᠠᠶ

480.9 ᠲᠦᠮᠡᠨ ᠮᠥ ᠳᠤ ᠬᠦᠷᠴᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 51.1% ᠳᠤ  ᠬᠦᠷᠴᠡᠢ᠃                              

               

          ᠡᠨᠡ ᠵᠢᠯ᠂ ᠮᠠᠨ ᠤ ᠬᠤᠰᠢᠭᠤ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠤᠯᠠᠮ ᠴᠢᠨᠠᠭᠰᠢᠳᠠ

ᠴᠢᠩᠭᠠᠳᠬᠠᠵᠦ᠂ ᠪᠥᠬᠦ ᠵᠢᠯ ᠤᠨ ᠣᠶ ᠰᠢᠭᠤᠶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 14.78 ᠲᠦᠮᠡᠨ ᠮᠥ ᠪᠠᠷ ᠲᠥᠯᠥᠪᠯᠡᠵᠦ᠂

ᠡᠭᠦᠨ ᠳᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠣᠶ ᠰᠢᠭᠤᠶ ᠶᠢᠨ ᠡᠭᠦᠷᠭᠡ 5908

ᠮᠥ᠂ ᠪᠠᠶᠢᠭᠠᠯᠢ ᠶᠢᠨ ᠣᠶ ᠰᠢᠭᠤᠶ ᠶᠢ ᠬᠠᠮᠠᠭᠠᠯᠠᠬᠤ ᠢᠨᠵᠧᠨᠧᠷᠢᠩ 0.3 ᠲᠦᠮᠡᠨ ᠮᠥ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ 2.69

ᠲᠦᠮᠡᠨ ᠮᠥ᠂ ᠪᠤᠲᠠ ᠮᠤᠳᠤ 10 ᠲᠦᠮᠡᠨ ᠮᠥ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠡᠭᠦᠷᠭᠡ ᠶᠢ 1.2 ᠲᠦᠮᠡᠨ ᠮᠤ᠋ ᠤᠶᠢᠵᠢᠭᠤᠯᠬᠤ ᠪᠠᠷ

ᠪᠠᠶᠢᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠨᠤᠳᠤᠭ ᠪᠡᠯᠴᠢᠭᠡᠷ ᠤᠨ ᠡᠪᠡᠰᠦ

ᠬᠠᠳᠠᠭᠠᠯᠠᠬᠤ ᠫᠧᠩ ᠤᠨ ᠪᠦᠲᠦᠭᠡᠨ ᠪᠠᠶᠢᠭᠤᠯᠤᠯᠲᠠ1.78 ᠲᠦᠮᠡᠨ ᠲᠡᠭᠰᠢ ᠳᠥᠷᠪᠡᠯᠵᠢᠨ ᠮᠧᠲᠷ᠂ ᠳᠤᠯᠠᠭᠠᠨ ᠫᠧᠩ 0.42 ᠲᠦᠮᠡᠨ ᠲᠡᠭᠰᠢ ᠳᠥᠷᠪᠡᠯᠵᠢᠨ ᠮᠧᠲᠷ

᠂ ᠳᠠᠷᠤᠰᠢᠭᠤᠯᠬᠤ ᠵᠣᠭᠤᠷᠢ 0.45 ᠲᠦᠮᠡᠨ ᠪᠣᠰᠤᠭ᠎ᠠ ᠳᠥᠷᠪᠡᠯᠵᠢᠨ‌ᠮᠧᠲᠷ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ ᠡᠯ᠎ᠡ ᠳᠦᠷᠦᠯ ᠤᠨ

ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃                                                                  

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ