ᠣᠲᠤᠭ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠵᠢᠨᠵᠠᠬᠢᠷᠤᠯ ᠤᠨᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠵᠢᠨᠲ᠋ᠥ᠋ᠯᠥᠭᠡ᠂ ᠰᠤᠷᠭᠠᠨ ᠬᠥᠮᠦᠵᠢᠯ ᠤᠨ ᠶᠠᠮᠤᠨ ᠤ ᠲᠠᠷᠤᠮᠠᠯᠯᠠᠨ ᠲᠠᠷᠬᠠᠭᠠᠬᠰᠠᠨ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨᠰᠤᠷᠭᠠᠭᠤᠯᠢ ᠶᠢᠨ ᠵᠠᠬᠢᠷᠤᠯ ᠤᠨ ᠲᠤᠰᠬᠠᠶ ᠮᠡᠷᠭᠡᠵᠢᠯ ᠤᠨᠪᠠᠷᠢᠮᠵᠢᠶ᠎ᠠ︾ | ︵ᠪᠠᠭᠰᠢ︹2013︺3 ᠳ᠋ᠤᠭᠠᠷ ᠲᠣᠭᠠᠲᠤ︶ ᠵᠢᠴᠢ ︽ᠣᠲᠤᠭ ᠬᠤᠰᠢᠭᠤᠨ ᠤ ᠲᠤᠮᠳᠠ ᠣᠷᠳᠣ ᠬᠤᠭᠤᠴᠠᠭᠠᠨ ᠤ | ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ︵2014 — 2020 ᠤᠨ︶ ᠶᠢᠨ | ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠪᠥᠬᠦ ᠤᠯᠤᠰ ᠲᠤ ᠬᠠᠨᠳᠤᠭᠤᠯᠤᠨ ᠳᠤᠮᠳᠠᠳᠤ ᠪᠠᠭ᠎ᠠ | ᠰᠤᠷᠭᠠᠭᠤᠯᠢ ᠶᠢᠨ ᠵᠠᠬᠢᠷᠤᠯ ᠢ 3 ᠬᠥᠮᠦᠨ ᠤᠷᠢᠨ ᠡᠯᠰᠡᠬᠦ ᠪᠠᠷ ᠪᠤᠢ᠂ ᠪᠣᠳᠠᠲᠠᠶ ᠵᠦᠶ᠋ᠯᠡᠰ ᠢ ᠳᠣᠤᠷᠠᠬᠢ ᠮᠡᠲᠦ | ᠵᠠᠷᠯᠠᠪᠠ᠄ | ᠨᠢᠭᠡ᠂ ᠡᠯᠰᠡᠬᠦ ᠠᠵᠢᠯ ᠤᠨ ᠪᠠᠶᠢᠷᠢ | ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ︵ᠮᠣᠩᠭᠤᠯ ᠦᠨᠳᠦᠰᠦᠲᠡᠨ ᠤ ᠲᠤᠷᠰᠢᠯᠲᠠ ᠶᠢᠨ | ᠪᠠᠭ᠎ᠠᠰᠤᠷᠭᠠᠭᠤᠯᠢ︶ ᠶᠢᠨ ᠵᠠᠬᠢᠷᠤᠯ 1︔ ᠬᠢᠲᠠᠳ ᠢᠶᠠᠷ ᠬᠢᠴᠢᠶᠡᠯᠯᠡᠬᠦ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ︵ᠤᠯᠠᠭᠠᠨᠪᠠᠯᠭᠠᠰᠤᠨ ᠤ ᠳᠤᠮᠳᠠᠳᠤ ᠰᠤᠷᠭᠠᠭᠤᠯᠢ︶ ᠶᠢᠨ ᠵᠠᠬᠢᠷᠤᠯ 1︔ ᠬᠢᠲᠠᠳ ᠢᠶᠠᠷ ᠬᠢᠴᠢᠶᠡᠯᠯᠡᠬᠦ | ᠡᠩ ᠤᠨ ᠥᠨᠳᠥᠷ ᠵᠡᠷᠭᠡ ᠵᠢᠨᠲ᠋ᠤᠮᠳᠠᠳᠤ ᠰᠤᠷᠭᠠᠭᠤᠯᠢ ︵ᠤᠲᠤᠭ ᠬᠤᠰᠢᠭᠤᠨ ᠤ ᠦᠨᠳᠦᠷ ᠵᠡᠷᠭᠡ ᠶᠢᠨ ᠳᠤᠮᠳᠠᠳᠤ | ᠰᠤᠷᠭᠠᠭᠤᠯᠢ︶ ᠶᠢᠨ ᠵᠠᠬᠢᠷᠤᠯ 1᠃ | ᠬᠤᠶᠠᠷ᠂ ᠡᠯᠰᠡᠬᠦ ᠬᠦᠷᠢᠶ᠎ᠡ ᠬᠡᠪᠴᠢᠶ᠎ᠡ | ᠪᠦᠬᠦ ᠤᠯᠤᠰ ᠤᠨ ᠬᠡᠪᠴᠢᠶᠡᠨ ᠠᠴᠠ ᠢᠯᠡ ᠪᠠᠷ ᠤᠷᠢᠨ ᠡᠯᠰᠡᠨ᠎ᠠ᠃ | ᠭᠤᠷᠪᠠ᠂ ᠤᠷᠢᠨ ᠡᠯᠰᠡᠬᠦ ᠨᠥᠬᠦᠴᠡᠯ | ︵ᠨᠢᠭᠡ︶ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠨᠠᠰᠤ ᠵᠢᠯ ᠨᠢ ᠵᠠᠷᠴᠢᠮ ᠳᠡᠭᠡᠷ᠎ᠡ ᠪᠠᠨ ᠡᠷᠡᠭᠲᠡᠶ ᠪᠦᠬᠦᠯᠢ 60 ᠨᠠᠰᠤᠨ ᠠᠴᠠ ᠳᠣᠷᠣᠭᠰᠢ᠂ ᠡᠮᠡᠭᠲᠡᠶ | ᠪᠦᠬᠦᠯᠢ 55ᠨᠠᠰᠤᠨ ᠠᠴᠠ ᠳᠣᠷᠣᠭᠰᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠬᠠᠷᠢᠶ᠎ᠠ ᠲᠠᠢ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠰᠠᠶᠢᠨ᠂ ᠤᠯᠤᠰ ᠤᠨ ᠬᠠᠤᠯᠢ ᠴᠠᠭᠠᠵᠠ ᠪᠠ | ᠬᠠᠤᠯᠢ ᠲᠣᠭᠲᠠᠭᠠᠯ ᠢ ᠵᠢᠷᠤᠮᠯᠠᠨᠰᠠᠬᠢᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠰᠠᠶᠢᠨᠮᠡᠳᠡᠵᠦ᠂ ᠰᠤᠷᠭᠠᠨ ᠬᠥᠮᠦᠵᠢᠯ | ᠤᠨ ᠦᠢᠯᠡᠰ ᠢ ᠬᠠᠶᠢᠷᠠᠯᠠᠵᠤ᠂ ᠰᠠᠶᠢᠨ ᠰᠠᠶᠢᠬᠠᠨᠵᠠᠩ ᠰᠤᠷᠲᠠᠯ ᠪᠠ ᠠᠵᠢᠯ ᠮᠡᠷᠭᠡᠵᠢᠯ ᠤᠨ ᠶᠣᠰᠣ ᠮᠣᠷᠠᠯ ᠲᠠᠢ | ᠪᠠᠶᠢᠵᠤ᠂ ᠣᠷᠣᠭᠤᠯᠤᠨ ᠠᠪᠴᠢᠷᠠᠬᠤ ᠠᠵᠢᠯ ᠤᠨ ᠪᠠᠶᠢᠷᠢ ᠵᠢᠨᠱᠠᠭᠠᠷᠳᠠᠯᠭᠠ ᠲᠠᠢ ᠨᠡᠶᠢᠴᠡᠭᠰᠡᠨ ᠪᠠᠭᠰᠢ ᠶᠢᠨ ᠬᠢᠷᠢ | ᠬᠡᠮ ᠪᠠ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ ᠪᠠᠶᠢᠵᠤ᠂ ᠠᠵᠢᠯ ᠤᠨ ᠠᠮᠵᠢᠯᠲᠠ | ᠪᠦᠲᠦᠮᠵᠢ ᠨᠢ ᠲᠣᠪᠤᠶᠢᠮ᠎ᠠ ᠮᠥᠷᠲᠡᠭᠡᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠨᠢ ᠬᠤᠲᠠ ᠶᠢᠨ | ᠱᠠᠲᠤ ᠵᠢᠴᠢ ᠲᠡᠭᠦᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠᠮᠥ᠋ᠴᠢᠷ ᠤᠨ | ᠱᠠᠩᠨᠠᠯ ᠢ ᠬᠦᠷᠲᠡᠵᠦ᠂ ᠦᠢᠷ᠎ᠡ ᠶᠢᠨ ᠲᠠᠪᠤᠨ ᠵᠢᠯ ᠤᠨ ᠬᠢᠨᠠᠨ ᠰᠢᠯᠭᠠᠯᠳᠠ ᠨᠢ ᠴᠦᠮ ᠬᠢᠷᠢ ᠲᠡᠩᠴᠡᠭᠰᠡᠨ ᠪᠤᠶᠤ | ᠲᠡᠬᠦᠨ ᠠᠴᠠ ᠲᠡᠬᠡᠭᠰᠢ ᠪᠠᠶᠢᠬᠤ ᠬᠡᠷᠡᠭᠳᠡᠢ᠃ | 2. ᠪᠠᠭ᠎ᠠ ᠰᠤᠷᠭᠠᠭᠤᠯᠢ ᠶᠢᠨ ᠵᠠᠬᠢᠷᠤᠯ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ | ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠵᠡᠷᠭᠡ ᠵᠢᠴᠢ ᠲᠡᠭᠦᠨ ᠠᠴᠠ ᠳᠡᠭᠡᠭᠰᠢᠬᠢ ᠪᠠᠭᠰᠢ ᠶᠢᠨ | ᠮᠡᠷᠭᠡᠵᠢᠯ ᠤᠨ ᠴᠣᠯᠠ ᠲᠠᠢ ᠪᠠᠶᠢᠵᠤ᠂ 10 ᠵᠢᠯ ︵ᠪᠠᠭᠲᠠᠨ᠎ᠠ︶ ᠠᠴᠠ ᠳᠡᠭᠡᠭᠰᠢ ᠪᠠᠭᠰᠢᠯᠠᠵᠦ᠂ 5 ᠵᠢᠯ ︵ᠪᠠᠭᠲᠠᠨ᠎ᠠ︶ | ᠠᠴᠠ ᠳᠡᠭᠡᠭᠰᠢᠬᠢ ᠰᠤᠷᠭᠠᠭᠤᠯᠢ ᠵᠢᠨᠵᠠᠬᠢᠷᠤᠯ ᠤᠨ ᠲᠤᠰᠢᠶᠠᠯ ᠡᠭᠦᠷᠭᠡᠯᠡᠭᠰᠡᠨ ᠥᠩᠭᠡᠷᠡᠯᠲᠡ ᠲᠠᠢ ᠪᠠᠶᠢᠬᠤ᠃ | ᠬᠤᠲᠠ ᠵᠢᠨᠲ᠋ᠡᠰ ᠵᠢᠴᠢ ᠲᠡᠭᠦᠨ ᠠᠴᠠ ᠳᠡᠭᠡᠭᠰᠢᠬᠢ ᠨᠡᠷᠡᠲᠦ ᠰᠤᠷᠭᠠᠭᠤᠯᠢ ᠳᠤ ᠰᠤᠷᠭᠠᠭᠤᠯᠢ ᠶᠢᠨ ᠵᠠᠬᠢᠷᠤᠯ ᠤᠨ | ᠲᠤᠰᠢᠶᠠᠯ ᠡᠭᠦᠷᠬᠡᠯᠡᠵᠦ ᠦᠡᠭᠭᠡᠷᠡᠭᠰᠡᠨ ᠪᠤᠯ ᠤᠷᠢᠳᠠᠪᠠᠷ ᠪᠤᠳᠤᠯᠬᠢᠯᠠᠨ᠎ᠠ᠃ ᠣᠨᠴᠠ ᠲᠡᠰ ᠤᠨ ᠪᠠᠭᠰᠢ᠂ ᠬᠤᠲᠠ ᠶᠢᠨ | ᠳᠡᠰ ᠵᠢᠴᠢ ᠲᠡᠭᠦᠨ ᠠᠴᠠ ᠳᠡᠭᠡᠭᠰᠢᠬᠢ ᠨᠡᠷᠡᠲᠦ ᠪᠠᠭᠰᠢ᠂ ᠨᠡᠷᠡᠲᠦ ᠰᠤᠷᠭᠠᠭᠤᠯᠢ ᠶᠢᠨ ᠵᠠᠬᠢᠷᠤᠯ ᠤᠨ ᠴᠣᠯᠠ | ᠣᠯᠤᠭᠰᠠᠨ ᠪᠣᠯ ᠨᠠᠰᠤᠨ ᠤ ᠬᠢᠵᠠᠭᠠᠷᠯᠠᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠤᠯᠤᠨ᠎ᠠ᠃ | 3. ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ | ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠵᠡᠷᠭᠡ ᠶᠢᠨ ᠵᠢᠴᠢ ᠲᠡᠭᠦᠨ ᠠᠴᠠ | ᠳᠡᠭᠡᠭᠰᠢᠬᠢ ᠪᠠᠭᠰᠢ ᠵᠢᠨᠮᠡᠷᠭᠡᠵᠢᠯ ᠤᠨ ᠴᠣᠯᠠ ᠲᠠᠢ᠂ 10 ᠵᠢᠯ ︵ᠪᠠᠭᠲᠠᠨ᠎ᠠ︶ ᠠᠴᠠ ᠳᠡᠭᠡᠭᠰᠢ ᠪᠠᠭᠰᠢᠯᠠᠵᠦ᠂ 5 ᠵᠢᠯ | ︵ᠪᠠᠭᠲᠠᠨ᠎ᠠ︶ ᠠᠴᠠ ᠳᠡᠭᠡᠭᠰᠢᠬᠢ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠡᠭᠦᠷᠭᠡᠯᠡᠭᠰᠡᠨ ᠥᠩᠭᠡᠷᠡᠯᠲᠡ ᠲᠠᠢ ᠪᠠᠶᠢᠬᠤ | ᠃ ᠬᠤᠳᠠ ᠶᠢᠨ ᠲᠡᠰ ᠵᠢᠴᠢ ᠲᠡᠭᠦᠨ ᠡᠴᠠᠲ᠋ᠡᠭᠡᠭᠰᠢᠬᠢ ᠨᠡᠷᠡᠳᠦ ᠰᠤᠷᠭᠠᠭᠤᠯᠢ ᠳᠤ ᠰᠤᠷᠭᠠᠭᠤᠯᠢ ᠶᠢᠨ ᠵᠠᠬᠢᠷᠤᠯ ᠤᠨ | ᠲᠤᠰᠢᠶᠠᠯ ᠡᠭᠦᠷᠬᠡᠯᠡᠵᠦ ᠦᠡᠭᠭᠡᠷᠡᠭᠰᠡᠨ ᠪᠤᠯ ᠤᠷᠢᠳᠠᠪᠠᠷ ᠪᠤᠳᠤᠯᠬᠢᠯᠠᠨ᠎ᠠ᠃ ᠣᠨᠴᠠ ᠲᠡᠰ ᠤᠨ ᠪᠠᠭᠰᠢ᠂ ᠬᠤᠲᠠ ᠶᠢᠨ | ᠳᠡᠰ ᠵᠢᠴᠢ ᠲᠡᠭᠦᠨ ᠠᠴᠠ ᠳᠡᠭᠡᠭᠰᠢᠬᠢ ᠨᠡᠷᠡᠲᠦ ᠪᠠᠭᠰᠢ᠂ ᠨᠡᠷᠡᠲᠦ ᠰᠤᠷᠭᠠᠭᠤᠯᠢ ᠶᠢᠨ ᠵᠠᠬᠢᠷᠤᠯ ᠤᠨ ᠴᠣᠯᠠ | ᠣᠯᠤᠭᠰᠠᠨ ᠪᠣᠯ ᠨᠠᠰᠤᠨ ᠤ ᠬᠢᠵᠠᠭᠠᠷᠯᠠᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠤᠨ᠎ᠠ᠃ | 4. ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ᠃ ᠶᠡᠭᠡ ᠰᠤᠷᠭᠠᠭᠤᠯᠢ ᠶᠢᠨ ᠵᠢᠩᠬᠢᠨᠢ | ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠵᠡᠷᠭᠡ ᠶᠢᠨ ᠵᠢᠴᠢ ᠲᠡᠭᠦᠨ ᠠᠴᠠ | ᠳᠡᠭᠡᠭᠰᠢᠬᠢ ᠪᠠᠭᠰᠢ ᠶᠢᠨ ᠮᠡᠷᠭᠡᠵᠢᠯ ᠤᠨ ᠴᠣᠯᠠ ᠲᠠᠢ᠂ 10 ᠵᠢᠯ ︵ᠪᠠᠭᠲᠠᠨ᠎ᠠ︶ ᠠᠴᠠ ᠳᠡᠭᠡᠭᠰᠢ ᠪᠠᠭᠰᠢᠯᠠᠵᠦ᠂ 5 ᠵᠢᠯ | ︵ᠪᠠᠭᠲᠠᠨ᠎ᠠ︶ ᠠᠴᠠ ᠳᠡᠭᠡᠭᠰᠢᠬᠢ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠡᠭᠦᠷᠭᠡᠯᠡᠭᠰᠡᠨᠥᠩᠭᠡᠷᠡᠯᠲᠡ ᠲᠠᠢ | ᠪᠠᠶᠢᠬᠤ᠃ ᠮᠤᠵᠢ ᠶᠢᠨ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠪᠤᠶᠤ ᠰᠢᠯᠢᠳᠡᠭ ᠥᠨᠳᠥᠷ ᠵᠡᠷᠭᠡ ᠶᠢᠨ ᠳᠤᠮᠳᠠᠳᠤᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ | ᠡᠭᠦᠷᠬᠡᠯᠡᠵᠦ ᠦᠡᠭᠭᠡᠷᠡᠭᠰᠡᠨ ᠪᠤᠯ ᠤᠷᠢᠳᠠᠪᠠᠷ ᠪᠤᠳᠤᠯᠬᠢᠯᠠᠨ᠎ᠠ᠃ ᠣᠨᠴᠠ ᠲᠡᠰ ᠤᠨ ᠪᠠᠭᠰᠢ᠂ ᠬᠤᠲᠠ ᠶᠢᠨ ᠳᠡᠰ ᠵᠢᠴᠢ | ᠲᠡᠭᠦᠨ ᠠᠴᠠ ᠳᠡᠭᠡᠭᠰᠢᠬᠢ ᠨᠡᠷᠡᠲᠦ ᠪᠠᠭᠰᠢ᠂ ᠨᠡᠷᠡᠲᠦ ᠰᠤᠷᠭᠠᠭᠤᠯᠢ ᠵᠢᠨᠵᠠᠬᠢᠷᠤᠯ ᠤᠨ ᠴᠣᠯᠠ ᠣᠯᠤᠭᠰᠠᠨ ᠪᠣᠯ | ᠨᠠᠰᠤᠨ ᠤ ᠬᠢᠵᠠᠭᠠᠷᠯᠠᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠤᠨ᠎ᠠ᠃ | ᠲᠦᠷᠪᠡ᠂ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠴᠠᠯᠢᠩ ᠤᠯᠭᠤᠮᠵᠢ | ︵ᠨᠢᠭᠡ︶ ᠣᠷᠣᠨ ᠲᠤᠭ᠎ᠠ ᠪᠠ ᠠᠵᠢᠯ ᠤᠨ ᠪᠠᠶᠢᠷᠢ ᠶᠢ ᠰᠢᠢᠳᠪᠦᠷᠢᠯᠡᠨ᠎ᠡ | ︵ᠬᠤᠶᠠᠷ︶ ᠭᠡᠷ ᠪᠦᠯᠢ ᠦᠷ᠎ᠡ ᠬᠡᠤᠬᠡᠳ ᠤᠨ ᠠᠰᠠᠭᠤᠳᠠᠯ ᠢ ᠰᠢᠢᠳᠪᠦᠷᠢᠯᠡᠨ᠎ᠡ | ︵ᠭᠤᠷᠪᠠ︶ ᠴᠠᠯᠢᠩ ᠣᠯᠭᠤᠮᠵᠢ | 1. ᠦᠨᠳᠦᠰᠦᠨ ᠴᠠᠯᠢᠩ᠃ ᠤᠷᠢᠨ ᠬᠡᠷᠡᠭᠯᠡᠬᠦ ᠪᠤᠶᠤ ᠠᠵᠢᠯ ᠰᠢᠯᠵᠢᠬᠦ ᠭᠠᠷ ᠬᠦᠢᠴᠡᠳᠭᠡᠯ ᠬᠢᠵᠦ᠂ | ᠬᠢᠨᠡᠨᠰᠢᠯᠭᠠᠯᠳᠠ ᠳᠤ ᠬᠢᠷᠢ ᠲᠡᠩᠴᠡᠭᠰᠡᠨ ᠤ ᠳᠠᠷᠠᠭ᠎ᠠ ᠵᠢᠩᠬᠢᠨᠢ ᠣᠷᠣᠨ ᠲᠤᠭ᠎ᠠ ᠳᠤ ᠣᠷᠣᠭᠤᠯᠵᠤ᠂ ᠠᠳᠠᠯᠢ | ᠱᠠᠲᠤᠨ ᠤ ᠠᠳᠠᠯᠢ ᠲᠥᠷᠥᠯ ᠤᠨ ᠠᠵᠢᠯ ᠦᠢᠯᠡᠰ ᠤᠨ ᠨᠢᠭᠡᠴᠢ ᠶᠢᠨ ᠴᠠᠯᠢᠩ ᠣᠯᠭᠤᠮᠵᠢ ᠶᠢ ᠬᠦᠷᠲᠡᠭᠡᠨ᠎ᠡ᠃ | 2. ᠴᠢᠳᠠᠪᠤᠷᠢᠲᠠᠨ ᠤ ᠨᠥᠬᠦᠪᠥᠷᠢ᠃ ᠪᠠᠭ᠎ᠠ ᠰᠤᠷᠭᠠᠭᠤᠯᠢ ᠶᠢᠨ ᠵᠠᠬᠢᠷᠤᠯ ᠳᠤ ᠵᠢᠯ ᠪᠦᠷᠢ ᠴᠢᠳᠠᠪᠤᠷᠢᠲᠠᠨ ᠤ | ᠨᠦᠬᠦᠪᠦᠷᠢ 40 ᠲᠦᠮᠡᠨ ᠲᠥᠭᠦᠷᠢᠭ ︵ᠭᠠᠶᠢᠯᠢ ᠲᠤᠰᠢᠶᠠᠬᠤ ᠠᠴᠠ ᠡᠮᠦᠨᠡᠬᠢ︶ ᠥᠭᠴᠦ᠂ ᠠᠩᠬ᠎ᠠ ᠳᠤᠮᠳᠠᠳᠤ᠂ | ᠥᠨᠳᠥᠷ ᠵᠡᠷᠭᠡ ᠵᠢᠨᠲ᠋ᠤᠮᠳᠠᠳᠤ ᠰᠤᠷᠭᠠᠭᠤᠯᠢ ᠶᠢᠨ ᠵᠠᠬᠢᠷᠤᠯ ᠳᠤ ᠵᠢᠯ ᠪᠦᠷᠢ ᠴᠢᠳᠠᠪᠤᠷᠢᠲᠠᠨ ᠤ ᠨᠦᠬᠦᠪᠦᠷᠢ 50 | ᠲᠦᠮᠡᠨ ᠲᠥᠭᠦᠷᠢᠭ ᠦᠭᠬᠦᠨ᠎ᠡ᠃ | 3. ᠠᠵᠢᠯ ᠤᠨ ᠬᠢᠷᠢ ᠪᠦᠳᠦᠮᠵᠢ ᠶᠢᠨ ᠱᠠᠩᠨᠠᠯ ᠤᠨ ᠮᠥᠩᠭᠦ᠃ ᠪᠠᠭ᠎ᠠ ᠰᠤᠷᠭᠠᠭᠤᠯᠢ ᠶᠢᠨ ᠵᠠᠬᠢᠷᠤᠯ ᠤᠨ ᠵᠢᠯ | ᠪᠦᠷᠢ ᠵᠢᠨᠠᠵᠢᠯ ᠤᠨ ᠬᠢᠷᠢ ᠪᠦᠳᠦᠮᠵᠢ ᠶᠢᠨ ᠱᠠᠩᠨᠠᠯ ᠤᠨ ᠮᠥᠩᠭᠦ 10 ᠲᠦᠮᠡᠨ ᠲᠥᠭᠦᠷᠢᠭ ︵ᠭᠠᠶᠢᠯᠢ | ᠲᠤᠰᠢᠶᠠᠬᠤ ᠠᠴᠠ ᠡᠮᠦᠨ᠎ᠡ︶᠂ ᠠᠩᠬ᠎ᠠ ᠵᠡᠷᠭᠡ ᠶᠢᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠢᠨᠵᠠᠬᠢᠷᠤᠯ ᠤᠨ | ᠵᠢᠯ ᠪᠦᠷᠢ ᠶᠢᠨ ᠠᠵᠢᠯ ᠤᠨ ᠬᠢᠷᠢ ᠪᠦᠳᠦᠮᠵᠢ ᠶᠢᠨ ᠱᠠᠩᠨᠠᠯ ᠤᠨ ᠮᠥᠩᠭᠦ 20 ᠲᠦᠮᠡᠨ ᠲᠥᠭᠦᠷᠢᠭ ︵ᠭᠠᠶᠢᠯᠢ | ᠲᠤᠰᠢᠶᠠᠬᠤ ᠠᠴᠠ ᠡᠮᠦᠨ᠎ᠡ︶᠂ ᠲᠣᠬᠠᠢ ᠶᠢᠨ ᠵᠢᠯ ᠤᠨᠬᠢᠨᠠᠨ ᠰᠢᠯᠭᠠᠬᠰᠠᠨ ᠦᠷ᠎ᠡ ᠳ᠋ᠦᠩ ᠤᠨ ᠶᠣᠰᠣᠭᠠᠷ ᠳᠡᠰ | ᠬᠤᠪᠢᠶᠠᠨ ᠬᠢᠨᠠᠨ ᠣᠯᠭᠤᠨ᠎ᠠ᠃ ᠰᠡᠭᠦᠯᠡᠷᠬᠢ ᠤᠨ ᠤ ᠱᠠᠩᠨᠠᠯ ᠤᠨᠮᠥ᠋ᠩᠭᠦ ᠶᠢ ᠲᠤᠰ ᠵᠢᠯ ᠤᠨ ᠬᠢᠨᠢ ᠬᠢᠨᠠᠨ ᠰᠢᠯᠭᠠᠬᠤ | ᠭᠦᠶ᠋ᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠳᠡᠭᠡᠷ᠎ᠡ ᠨᠢᠭᠡ ᠵᠢᠯ ᠤᠨ ᠠᠵᠢᠯ ᠤᠨ ᠬᠢᠷᠢ | ᠪᠦᠳᠦᠮᠵᠢ ᠶᠢᠨ ᠱᠠᠩᠨᠠᠯ ᠤᠨ ᠮᠥᠩᠭᠦ ᠶᠢᠨ ᠰᠠᠭᠤᠷᠢᠨᠲ᠋ᠡᠭᠡᠷ᠎ᠡ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠬᠢᠨᠠᠨ | ᠰᠢᠯᠭᠠᠬᠤ ᠪᠣᠳᠠᠲᠠᠶ ᠨᠠᠷᠢᠨ ᠳᠦᠷᠢᠮ ᠢ ᠤᠲᠤᠭ ᠬᠤᠰᠢᠭᠤᠨ ᠤ ᠰᠤᠷᠭᠠᠨ ᠬᠥᠮᠦᠵᠢᠯ ᠪᠡᠶ᠎ᠡ ᠵᠢᠨᠲ᠋ᠠᠮᠢᠷ ᠤᠨ | ᠲᠣᠪᠴᠢᠶ᠎ᠠ ᠠᠴᠠ ᠬᠠᠷᠢᠭᠤᠴᠠᠨᠲ᠋ᠣᠭᠲᠠᠭᠠᠨᠠ᠃ | ︵ᠳᠥᠷᠪᠡ︶ ᠲᠦᠷ ᠴᠠᠭ ᠤᠨ ᠨᠡᠶᠢᠲᠡ ᠶᠢᠨ ᠪᠠᠶᠢᠷᠢ ᠬᠠᠩᠭᠠᠬᠤ ᠶᠢᠨ ᠬᠠᠮᠲᠤ ᠲᠥᠪᠬᠢᠨᠡᠭᠦᠯᠬᠦ ᠮᠦᠡᠭᠬᠦ | ᠣᠯᠭᠤᠨ᠎ᠠ | ᠤᠷᠢᠬᠰᠠᠨ ᠰᠤᠷᠭᠠᠭᠤᠯᠢ ᠶᠢᠨ ᠵᠠᠬᠢᠷᠤᠯ ᠲᠠᠢ ᠭᠡᠷ᠎ᠡ ᠲᠣᠭᠲᠠᠭᠰᠠᠨ ᠪᠤᠶᠤ ᠵᠢᠩᠬᠢᠨᠢ ᠪᠠᠷ | ᠰᠢᠯᠵᠢᠭᠦᠯᠦᠨᠣᠷᠣᠭᠤᠯᠤᠭᠰᠠᠨ ᠤ ᠳᠠᠷᠠᠭ᠎ᠠ 15 ᠲᠦᠮᠡᠨ ᠲᠥᠭᠦᠷᠢᠭ ᠤᠨ ᠲᠥᠪᠬᠢᠨᠡᠭᠦᠯᠬᠦ ᠮᠥᠩᠭᠦ ᠣᠯᠭᠤᠵᠤ᠂ 5 | ᠵᠢᠯ ᠬᠤᠪᠢᠶᠠᠨᠣᠯᠭᠤᠵᠤ᠂ ᠵᠢᠯ ᠪᠦᠷᠢ 3 ᠲᠦᠮᠡᠨ ᠲᠥᠭᠦᠷᠢᠭ ᠣᠯᠭᠤᠨ᠎ᠠ᠃ ᠡᠬᠦᠨ ᠤ ᠬᠠᠮᠳᠦ᠂ ᠰᠤᠷᠭᠠᠭᠤᠯᠢ ᠶᠢᠨ | ᠵᠠᠬᠢᠷᠤᠯ ᠤᠨ ᠲᠤᠰᠢᠶᠠᠯ ᠬᠠᠷᠢᠭᠤᠴᠠᠬᠤ ᠭᠠᠵᠠᠷ ᠲᠤ ᠨᠢᠭᠡ ᠢᠵᠢ ᠲᠦᠷ ᠴᠠᠭ ᠤᠨ ᠨᠡᠶᠢᠳᠡ ᠶᠢᠨ ᠪᠠᠶᠢᠷᠢ ᠶᠢ ᠦᠨ᠎ᠡ | ᠲᠥᠯᠥᠪᠦᠷᠢ ᠦᠭᠡᠢ ᠪᠠᠷ ᠬᠠᠩᠭᠠᠨ᠎ᠠ᠃ | ᠲᠠᠪᠤ᠂ ᠨᠡᠷ᠎ᠡ ᠮᠡᠳᠡᠬᠦᠯᠬᠦ ᠠᠷᠭ᠎ᠠ ᠪᠠ ᠴᠠᠭ | ︵ᠨᠢᠭᠡ︶ ᠨᠡᠷ᠎ᠡ ᠮᠡᠳᠡᠭᠦᠯᠬᠦ ᠠᠷᠭ᠎ᠠ | ᠢᠮᠧᠯ ᠢᠶᠠᠷ ᠨᠡᠷ᠎ᠡ ᠮᠡᠳᠡᠬᠦᠯᠦᠨ᠎ᠡ | ᠢᠮᠧᠯ ᠤᠨ ᠬᠠᠶ᠋ᠢᠭ᠄ 648736117@qq. com | ︵ᠬᠤᠶᠠᠷ︶ ᠨᠡᠷ᠎ᠡ ᠮᠡᠳᠡᠭᠦᠯᠬᠦ ᠴᠠᠭ | 2020 ᠣᠨ ᠤ 4 ᠰᠠᠷ᠎ᠠ ᠶᠢᠨ 13 ᠤ ᠡᠳᠦᠷ ᠠᠴᠠ 4 ᠰᠠᠷ᠎ᠠ ᠶᠢᠨ 28 ᠤ ᠡᠳᠦᠷ ᠪᠣᠯᠲᠠᠯ᠎ᠠ᠃ |