ᠮᠠᠨ ᠤ ᠬᠤᠰᠢᠭᠤ ᠪᠦᠬᠦ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠳᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠲᠡᠮᠡᠴᠡᠨ‌ᠣᠯᠬᠤ ᠲᠧᠯᠸᠢᠰ ᠳ᠋ᠢᠶᠠᠩᠬᠤᠸᠠ ᠬᠤᠷᠠᠯ ᠶᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2020/4/2
        4 ᠰᠠᠷ᠎ᠠ ᠶᠢᠨ 1 ᠤ ᠡᠳᠦᠷ᠂ ᠪᠦᠬᠦ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠳᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠲᠡᠮᠡᠴᠡᠨ‌ᠣᠯᠬᠤ ᠲᠧᠯᠸᠢᠰ ᠳ᠋ᠢᠶᠠᠩᠬᠤᠸᠠ ᠬᠤᠷᠠᠯ ᠶᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠠᠩ ᠸᠧᠶ ᠳ᠋ᠦᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃

     

          ᠶᠠᠩ ᠸᠧᠢ ᠳ᠋ᠦᠩ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠰᠡᠳᠬᠢᠯ

ᠨᠢᠭᠡᠳᠦᠨ ᠬᠦᠴᠦ ᠪᠠᠨ ᠬᠠᠮᠲᠤᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠣᠷᠣᠯᠴᠠᠬᠤ ᠶᠢ ᠠᠬᠢᠭᠤᠯᠬᠤ ᠬᠡᠷᠡᠭᠲᠡᠢ᠃

ᠡᠯ᠎ᠡ ᠱᠠᠲᠤᠨ ᠤ ᠨᠠᠮ ᠤᠨ ᠬᠤᠷᠢᠶᠠᠨ ᠤ ᠱᠦᠵᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ‌‍ᠰᠢᠪᠲᠤᠯᠬᠤ ᠠᠵᠢᠯ ‍ᠤᠨ‌‍ᠶᠡᠷᠦᠩᠬᠡᠢ ᠠᠩᠬᠢ᠂ ᠨᠢᠭᠡᠳᠦᠭᠡᠷ ᠱᠦᠵᠢ

ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ‌‍ᠰᠢᠪᠲᠤᠯᠬᠤ

ᠡᠮᠦᠨ᠎ᠡ ᠹᠷᠣᠨᠲ ᠲᠤ ᠺᠠᠳ᠋ᠷ ᠢ ᠰᠢᠯᠭᠠᠨ ᠪᠠᠶᠢᠴᠠᠭᠠᠵᠤ ᠢᠯᠭᠠᠨ ᠲᠠᠨᠢᠬᠤ ᠶᠢ ᠴᠢᠬᠤᠯᠠᠴᠢᠯᠠᠵᠤ᠂ ᠡᠭᠦᠷᠭᠡ ᠪᠠᠨ ᠪᠡᠶᠡᠯᠡᠭᠦᠯᠵᠦ ᠳᠡᠶᠢᠯᠬᠦ ᠦᠭᠡᠢ ᠶᠢ ᠨᠢ

ᠳᠠᠬᠢᠨ‌‍ᠲ᠋ᠤᠬᠢᠷᠠᠭᠤᠯᠵᠤ᠂ ᠤᠭᠴᠠᠷᠠᠭᠤᠯᠤᠨ‌‍ᠰᠣᠯᠢᠬᠤ ᠶᠢ ᠨᠢ ᠬᠠᠰᠤᠵᠤ ᠰᠣᠯᠢᠬᠤ ᠬᠡᠷᠡᠭᠲᠡᠢ᠃ ᠲᠣᠷᠣᠢ ᠪᠠᠭᠤᠷᠠᠶ ᠰᠤᠯᠠ ᠵᠠᠳᠠᠭᠠᠶ ᠭᠠᠴᠠᠭ᠎ᠠ ᠲᠣᠰᠬᠤᠨ ᠤ ᠨᠠᠮ ᠤᠨ

ᠪᠠᠶᠢᠭᠤᠯᠤᠯᠲᠠ ᠶᠢ ᠴᠡᠭᠴᠡᠯᠡᠬᠦ ᠠᠵᠢᠯ ᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ᠭᠠᠴᠠᠭ᠎ᠠ ᠳᠤᠰᠬᠤᠨ ᠤ

ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠭᠠᠴᠠᠭ᠎ᠠ

ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ᠃ ᠡᠯ᠎ᠡ ᠲᠦᠷᠦᠯ ᠤᠨ ᠴᠢᠳᠠᠪᠤᠷᠢᠲᠠᠨ ᠢ ᠶᠠᠳᠠᠭᠤ ᠠᠴᠠ

ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠬᠦ ᠶᠢ ᠨᠡᠩ ᠴᠢᠩᠭ᠎ᠠ ᠨᠡᠩ ᠪᠣᠳᠠᠲᠠᠢ ᠠᠳᠬᠤᠵᠤ᠂ ᠬᠡᠯᠪᠡᠷᠢᠴᠢ ᠦᠵᠡᠯ ᠢ ᠴᠢᠩᠭ᠎ᠠ

ᠴᠡᠭᠡᠷᠯᠡᠨ᠂ ᠮᠥᠷᠳᠡᠨ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠲᠥᠪᠯᠡᠷᠡᠭᠦᠯᠦᠨ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠬᠤ ᠠᠵᠢᠯᠯᠠᠭ᠎ᠠ ᠶᠢ

ᠯᠠᠪᠳᠠᠭᠤᠨ ᠪᠠᠲᠤᠲᠠᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ ᠎ᠠ ᠶᠢᠨ ᠢᠯᠠᠯᠲᠠ ᠶᠢ ᠲᠡᠮᠡᠴᠡᠨ

ᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠠᠢ᠃

      ᠬᠤᠰᠢᠭᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂

ᠠᠯᠪᠠᠲᠠᠨ ᠤ ᠲᠣᠪᠴᠢᠶᠠᠨ ᠤ ᠳᠠᠷᠤᠭ᠎ᠠ ᠤᠳᠤᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠤ᠋

ᠵᠧᠨ ᠫᠢᠩ᠂ ᠵᠤᠬᠢᠶᠠᠨ ᠪᠠᠶᠢᠭᠤᠯᠬᠤ ᠬᠡᠯᠲᠡᠰ᠂ ᠶᠠᠳᠠᠭᠤ ᠶᠢ ᠲᠡᠳᠬᠦᠬᠦ ᠠᠯᠪᠠᠨ ᠬᠡᠷ ᠤᠨ ᠤᠳᠤᠷᠢᠳᠬᠤ ᠪᠠᠭ ᠤᠨ ᠪᠥᠬᠦ ᠭᠡᠰᠢᠭᠦᠳ᠂ ᠬᠤᠯᠪᠤᠭᠳᠠᠯ ᠪᠥᠬᠦᠶ ᠰᠠᠯᠠᠭ᠎ᠠ

ᠲᠠᠰᠤᠭ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠤᠨ ᠠᠭᠤᠯᠭ᠎ᠠ ᠶᠢ ᠭᠥᠯᠢᠶᠡᠨ ᠠᠪᠴᠤ ᠦᠵᠡᠪᠡ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ