ᠤᠯᠤᠰ ᠳᠦᠷᠦ ᠶᠢᠨ ᠵᠦᠪᠯᠡᠯᠭᠡᠨ ᠤ ᠤᠷᠳᠤᠰ ᠬᠤᠳᠠ ᠶᠢᠨ ᠳᠦᠷᠪᠡᠳᠦᠭᠡᠷ ᠬᠤᠭᠤᠴᠠᠭᠠᠨ ᠤ  ᠭᠤᠷᠪᠠᠳᠤᠭᠠᠷ ᠤᠳᠠᠭᠠᠨ ᠤ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2020/4/20
        4 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠶᠢᠨ9 ᠴᠠᠭ ᠲᠤ᠂ ᠤᠯᠤᠰ ᠳᠦᠷᠦ ᠶᠢᠨ ᠵᠦᠪᠯᠡᠯᠭᠡᠨ ᠤ ᠤᠷᠳᠤᠰ ᠬᠤᠳᠠ ᠶᠢᠨ ᠳᠦᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯᠳᠤᠭᠠᠨ ᠬᠢᠶ᠎ᠠ ᠪᠠᠭᠰᠢ ᠳᠤᠭᠤᠷᠢᠭ ᠲᠤ ᠡᠬᠢᠯᠡᠪᠡ᠃ ᠤᠯᠤᠰ ᠳᠦᠷᠦ ᠶᠢᠨ ᠵᠦᠪᠯᠡᠯᠭᠡᠨ ᠤ ᠤᠷᠳᠤᠰ ᠬᠤᠳᠠ ᠶᠢᠨ ᠳᠦᠷᠪᠡᠳᠤᠭᠡᠷ ᠬᠤᠭᠤᠴᠠᠭᠠᠨ ᠤ ᠬᠤᠷᠢᠶ᠎ᠠ 290 ᠭᠡᠰᠢᠭᠦᠨ ᠲᠠᠢ᠂ ᠦᠨᠦᠳᠦᠷ ᠤᠨ ᠶᠡᠭᠡ ᠬᠤᠷᠠᠯ ᠳᠤ 272  ᠭᠡᠰᠢᠭᠦᠨ ᠤᠷᠤᠯᠴᠠᠵᠦ᠂ ᠬᠠᠦᠯᠢ ᠳᠤ ᠳᠤᠭᠳᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃ ᠳᠡᠳᠡ ᠡᠭᠦᠷᠭᠡ ᠬᠠᠷᠢᠭᠤᠴᠠᠯᠭ᠎ᠠ ᠪᠠᠨ ᠬᠠᠦᠯᠢ ᠶᠤᠰᠤᠭᠠᠷ ᠭᠦᠴᠡᠳᠭᠡᠨ᠂ ᠪᠦᠬᠦ ᠬᠤᠳᠠ ᠶᠢᠨ ᠠᠵᠦ ᠠᠬᠤᠢ ᠨᠡᠶᠢᠬᠡᠮ ᠤᠨ ᠳᠤᠭᠳᠠᠭᠤᠨ ᠬᠦᠭᠵᠢᠯᠳᠡ ᠳᠤ ᠦᠪᠡᠷ ᠤᠨ ᠤᠶᠤᠨ ᠤᠬᠠᠭᠠᠨ ᠢᠶᠠᠨ ᠡᠷᠭᠦᠭᠦ ᠪᠤᠯᠤᠨ᠎ᠠ᠃  

ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠸᠢᠴᠠᠲ ᠳᠠᠪᠴᠠᠩ