ᠬᠡᠰᠢᠬᠦᠨ‌ᠤᠳᠬᠠᠨᠰᠤᠸ᠎ᠠ᠄ ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠢ ᠦᠨᠡᠨ‌‍ᠭᠦ ᠴᠢᠩᠭᠠᠳᠬᠠᠬᠤ ᠴᠢᠬᠤᠯᠠᠲᠠᠢ
ᠨᠡᠶᠢᠲᠡᠯᠡᠭᠰᠡᠨ ᠴᠠᠭ᠄
2020/4/22
       ᠭᠡᠰᠢᠭᠦᠨ ᠤᠳᠬᠠᠨᠰᠤᠸ᠎ᠠ  ᠪᠤᠯ ᠦᠤᠰᠢᠨ ᠬᠤᠰᠢᠭᠤᠨ ᠤ ᠰᠦᠯᠳᠡ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠲᠤᠪᠴᠢᠶ᠎ᠠ ᠶᠢᠨ ᠲᠠᠷᠤᠭ᠎ᠠ ᠪᠤᠯᠤᠨ᠎ᠠ᠃ ᠦᠨᠳᠦᠰᠤᠨ ᠱᠠᠳᠦᠨ ᠤ ᠮᠤᠩᠭᠤᠯ ᠬᠡᠯᠡᠨ ᠳᠤ ᠤᠷᠴᠢᠭᠤᠯᠤᠬᠳᠠᠬᠰᠠᠨ ᠪᠢᠴᠢᠭ ᠮᠠᠲ᠋ᠧᠷᠢᠶᠠᠯ ᠴᠦᠭᠡᠨ ᠠᠴᠠ ᠪᠤᠯᠵᠤ ᠮᠠᠯᠴᠢᠳ ᠳᠡᠭᠡᠳᠦ ᠱᠠᠳᠦᠨ ᠤ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠵᠦᠪ ᠤᠨᠤᠪᠴᠢᠲᠠᠢ ᠪᠦᠷᠢᠨ ᠰᠠᠶᠢᠬᠠᠨ ᠤᠢᠢᠯᠠᠭᠠᠵᠤ ᠲᠡᠶᠢᠯᠬᠦ ᠦᠬᠡᠢ ᠪᠠᠶᠢᠬᠤ ᠠᠰᠠᠭᠤᠳᠠᠯ ᠤᠷᠤᠰᠢᠵᠤ ᠪᠠᠶᠢᠨ᠎ᠠ᠃ ᠡᠨᠡ ᠭᠦ ᠪᠠᠶᠢᠲᠠᠯ ᠳᠤ ᠴᠢᠭᠯᠡᠭᠦᠯᠦᠨ ᠭᠡᠰᠢᠭᠦᠨ ᠤᠳᠬᠠᠨᠰᠤᠸ᠎ᠠ ᠮᠤᠩᠭᠤᠯ ᠦᠭᠡ ᠭᠡᠯᠡ ᠦᠰᠦᠭ ᠪᠢᠴᠢᠭ ᠤᠨ ᠠᠵᠢᠯ ᠢ ᠴᠢᠩᠭᠠᠳᠬᠠᠬᠤ ᠲᠤᠬᠠᠢ ᠬᠡᠳᠦᠨ ᠲᠠᠯ᠎ᠠ ᠶᠢᠨ ᠰᠠᠨᠠᠯ ᠳᠤᠷᠠᠳᠤᠯᠭ᠎ᠠ ᠳᠡᠪᠰᠢᠭᠦᠯᠦᠭᠰᠡᠨ ᠪᠠᠶᠢᠨ᠎ᠠ᠃ ᠤᠳᠬᠠᠨᠰᠤᠸ᠎ᠠ  ᠄ ︽ᠨᠢᠭᠡ ᠳᠤ ᠦᠨᠳᠦᠰᠦᠨ ᠱᠠᠳᠤᠨ ᠤ ᠪᠢᠴᠢᠭ ᠮᠠᠲ᠋ᠧᠷᠢᠶᠠᠯ᠂ ᠤᠨᠴᠠᠭᠠᠢᠢᠯᠠᠨ ᠮᠠᠯ ᠲᠠᠷᠢᠶᠠᠯᠠᠩ ᠳᠤ ᠬᠤᠯᠪᠤᠭᠳᠠᠭᠰᠠᠨ ᠪᠢᠴᠢᠭ ᠮᠠᠲ᠋ᠧᠷᠢᠶᠠᠯ ᠢ ᠬᠤᠤᠰ ᠬᠡᠯᠡ ᠪᠠᠷ ᠲᠠᠷᠬᠠᠭᠠᠪᠠᠯ ᠵᠤᠬᠢᠨ᠎ᠠ᠃ ᠬᠤᠶᠠᠷ ᠲᠤ ᠲᠤᠰᠬᠠᠢ ᠮᠡᠷᠭᠡᠵᠢᠯ ᠤᠨ ᠤᠷᠴᠢᠭᠤᠯᠤᠭᠴᠢ ᠶᠢ ᠡᠯᠰᠡᠵᠤ᠂ ᠦᠨᠳᠦᠰᠤᠨ ᠱᠠᠲᠤᠨ ᠤ ᠤᠷᠴᠢᠭᠤᠯᠤᠭᠴᠢ ᠶᠢᠨ ᠡᠩᠨᠡᠭᠡ ᠶᠢ ᠲᠡᠭᠦᠯᠳᠡᠷᠵᠢᠭᠦᠯᠭᠦ ᠶᠢᠨ ᠬᠠᠮᠳᠦ ᠬᠤᠲᠠ ᠶᠢᠨ ᠬᠡᠪᠴᠢᠶᠠᠨ ᠳᠤ ᠪᠠᠷᠢᠮᠵᠢᠶ᠎ᠠ ᠲᠤᠭᠲᠠᠭᠠᠨ ᠤᠷᠴᠢᠭᠤᠯᠤᠬᠴᠢ ᠳᠤ ᠤᠷᠴᠢᠭᠤᠯᠭ᠎ᠠ ᠶᠢᠨ ᠨᠦᠭᠦᠪᠦᠷᠢ ᠤᠯᠭᠤᠵᠤ᠂ ᠦᠨᠳᠦᠰᠤᠨ ᠱᠠᠲᠤᠨ ᠤ ᠤᠷᠴᠢᠭᠤᠯᠤᠭᠴᠢᠳ ᠤᠨ ᠢᠳᠡᠪᠬᠢᠵᠢᠯ ᠢ ᠤᠯᠠᠮ ᠨᠢᠭᠡ ᠠᠯᠬᠤᠮ ᠲᠠᠶᠢᠴᠢᠯᠠᠪᠡᠯ ᠵᠤᠬᠢᠨ᠎ᠠ︾ ᠭᠡᠵᠦ ᠪᠠᠶᠢᠯ᠎ᠠ᠃  
ᠢᠷᠡᠯᠲᠡ᠄ ᠤᠷᠳᠤᠰ ᠮᠤᠩᠭᠤᠯ ᠰᠦᠯᠵᠢᠶ᠎ᠡ