4 ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ ᠬᠢᠶ᠎ᠠ ᠪᠠᠭᠰᠢ ᠳᠤᠭᠤᠷᠢᠭ ᠲᠤ ᠬᠤᠷᠠᠯᠳᠤᠬᠤ | ︽ᠬᠤᠷᠠᠯ ᠬᠤᠷᠠᠯ︾ ᠳᠤ ᠵᠤᠷᠢᠭᠤᠯᠤᠭᠰᠠᠨ ︽ᠲᠥᠯᠥᠬᠡᠯᠡᠭᠴᠢ ᠬᠡᠰᠢᠬᠦᠨ ᠤ ᠰᠤᠷᠪᠤᠯᠵᠢᠯᠠᠭ᠎ᠠ ᠬᠥᠯᠢᠶᠡᠬᠦ ᠵᠠᠮ︾ | ᠨᠡᠭᠡᠭᠡᠭᠳᠡᠪᠡ᠃ | ᠥᠷᠯᠥᠬᠡ ᠶᠢᠨ 8 ᠴᠠᠭ 08 ᠮᠢᠨᠦ᠋ᠲ ᠲᠤ᠂ ᠠᠩᠬᠠᠨ ᠤ ᠲᠠᠯᠠᠪᠤᠷ ︽ᠲᠥᠯᠥᠬᠡᠯᠡᠭᠴᠢ ᠬᠡᠰᠢᠬᠦᠨ ᠤ | ᠰᠤᠷᠪᠤᠯᠵᠢᠯᠠᠭ᠎ᠠ ᠬᠥᠯᠢᠶᠡᠬᠦ ᠵᠠᠮ︾ ᠳᠤ ᠭᠤᠤ ᠵᠧᠨ ᠭᠠᠩ᠂ ᠸᠠᠩ ᠫᠧᠶ ᠴᠢᠨ᠂ ᠪᠢ ᠱᠦ ᠵᠢᠶᠧ ᠵᠡᠷᠭᠡ ᠭᠤᠷᠪᠠᠨ | ᠭᠡᠰᠢᠭᠦᠨ ᠰᠤᠷᠪᠤᠯᠵᠢᠯᠠᠭ᠎ᠠ ᠶᠢᠨ ᠠᠬᠤᠢ ᠳᠠᠯᠠᠪᠠᠢ ᠳᠤ ᠮᠤᠷᠢᠯᠠᠵᠤ ᠰᠤᠷᠪᠤᠯᠵᠢᠯᠠᠭᠴᠢ ᠶᠢᠨ ᠠᠰᠠᠭᠤᠯᠳᠠ ᠶᠢ | ᠬᠠᠷᠢᠭᠤᠯᠪᠠ᠃ | | | | ᠬᠡᠰᠢᠬᠦᠨ ᠭᠤᠤ ᠵᠧᠨ ᠭᠠᠩ᠄ | ᠰᠤᠷᠪᠤᠯᠵᠢᠯᠠᠭᠴᠢ ᠶᠢᠨ ᠳᠤᠷᠠᠳᠤᠭᠰᠠᠨ ᠠᠰᠠᠭᠤᠯᠳᠠ᠄ ᠰᠤᠷᠭᠠᠭᠤᠯᠢ ᠪᠠ ᠬᠡᠷ ᠪᠦᠯᠢ ᠶᠢᠨ ᠬᠢᠨ ᠬᠡᠷᠬᠢᠨ | ᠬᠠᠮᠵᠢᠯᠴᠠᠪᠠᠯ ᠰᠠᠶ᠋ᠢ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠵᠦ ᠴᠢᠳᠠᠬᠤ ᠪᠤᠢ︖ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠣᠯ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠤᠨᠴᠠ ᠬᠠᠯᠠᠮᠵᠢᠯᠠᠵᠤ ᠪᠠᠶᠢᠭ᠎ᠠ ᠠᠰᠠᠭᠤᠳᠠᠯ ᠪᠣᠯᠬᠤ ᠪᠥᠭᠡᠳ ᠪᠠᠰᠠ ᠤᠷᠲᠤ | ᠬᠤᠭᠤᠴᠠᠭ᠎ᠠ ᠪᠠᠷ ᠤᠷᠢᠶᠠᠯᠠᠵᠤ ᠪᠠᠶᠢᠭ᠎ᠠ ᠠᠰᠠᠭᠤᠳᠠᠯ ᠪᠤᠯᠤᠨ᠎ᠠ᠃ ᠳᠠᠷᠤᠭᠠᠰᠤ ᠶᠢ ᠬᠥᠩᠭᠡᠷᠡᠭᠦᠯᠬᠦ ᠳᠤ ᠲᠤᠩ ᠬᠦᠴᠢᠷ | ᠂ ᠤᠴᠢᠷ ᠨᠢ ᠨᠢᠭᠡ ᠳᠤ ᠰᠤᠷᠭᠠᠭᠤᠯᠢ ᠨᠢ ᠰᠤᠷᠭᠠᠭᠤᠯᠢ ᠳᠡᠪᠰᠢᠬᠦ ᠨᠤᠷᠮ᠎ᠠ ᠶᠢ ᠠᠩᠬᠠᠷᠳᠠᠭ᠂ ᠬᠤᠶᠠᠷ ᠲᠤ ᠭᠡᠷ ᠤᠨ | ᠠᠬᠠᠮᠠᠳ ᠭᠡᠤᠭᠡᠳ ᠤᠨ ᠢᠶᠠᠨ ᠥᠨᠳᠥᠷ ᠬᠤᠪᠢ ᠤᠯᠬᠤ ᠶᠢ ᠬᠦᠰᠡᠳᠡᠭ᠃ ᠶᠠᠭᠤ ᠴᠤ ᠪᠤᠯᠤᠭᠰᠠᠨ ᠰᠤᠷᠭᠠᠨ | ᠬᠥᠮᠦᠵᠢᠯ ᠤᠨ ᠮᠥᠨ ᠴᠢᠨᠠᠷ ᠪᠣᠯ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠬᠤ ᠠᠴᠠ | ᠪᠢᠰᠢ᠂ ᠰᠢᠯᠭᠠᠯᠲᠠ ᠶᠢ ᠠᠷᠭᠠᠴᠠᠭᠠᠬᠤ ᠶᠠᠪᠤᠳᠠᠯ ᠪᠢᠰᠢ ᠭᠡᠳᠡᠭ ᠢ ᠪᠢᠳᠡ ᠴᠠᠭ ᠢᠮᠠᠭᠲᠠ ᠰᠡᠷᠭᠡᠭ ᠢᠶᠠᠷ ᠲᠠᠨᠢᠬᠤ | ᠬᠡᠷᠡᠭᠲᠡᠢ᠃ | ᠨᠢᠭᠡ ᠲᠠᠯ᠎ᠠ ᠪᠠᠷ᠂ ᠰᠤᠷᠭᠠᠭᠤᠯᠢ ᠶᠢᠨ ᠲᠦᠷᠢᠮᠵᠢᠯ ᠲᠠᠢ ᠰᠤᠷᠭᠠᠭᠤᠯᠢ ᠡᠷᠭᠢᠯᠡᠬᠦ ᠠᠴᠠ ᠭᠠᠷᠳᠠᠵᠤ᠂ ᠬᠡᠷ ᠤᠨ | ᠲᠠᠭᠠᠭᠠᠯᠭᠠᠪᠤᠷᠢ ᠦᠯᠡᠳᠡᠭᠡᠬᠦ ᠶᠢ ᠴᠢᠩᠭ᠎ᠠ ᠬᠢᠵᠠᠭᠠᠷᠯᠠᠬᠤ ᠶᠢᠨ ᠬᠠᠮᠲᠤ ᠪᠠᠰᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠶᠢᠨ ᠬᠥᠲᠥᠯᠪᠦᠷᠢ ᠠᠴᠠ ᠲᠠᠪᠠᠭᠤᠯᠤᠨ ᠵᠢᠭᠠᠨ ᠰᠤᠷᠭᠠᠬᠤ ᠵᠡᠷᠭᠡ ᠲᠦᠷᠢᠮᠵᠢᠯ ᠥᠬᠡᠶ | ᠰᠤᠷᠭᠠᠭᠤᠯᠢ ᠡᠷᠭᠢᠯᠡᠬᠦ ᠦᠶ᠋ᠯᠡ ᠠᠵᠢᠯᠯᠠᠭ᠎ᠠ ᠶᠢ ᠬᠢᠵᠠᠭᠠᠷᠯᠠᠬᠤ ᠬᠡᠷᠡᠭᠲᠡᠶ︔ ᠨᠦᠭᠦᠭᠡ ᠲᠠᠯ᠎ᠠ ᠪᠠᠷ᠂ ᠭᠡᠷ ᠪᠦᠯᠢ ᠶᠢᠨ | ᠬᠥᠮᠦᠵᠢᠯ ᠢᠶᠠᠷ ᠳᠠᠮᠵᠢᠭᠤᠯᠤᠨ᠂ ᠭᠡᠷ ᠤᠨ ᠠᠬᠠᠮᠠᠳ ᠤᠨ ᠲᠠᠨᠢᠯᠳᠠ ᠶᠢ ᠬᠤᠪᠢᠷᠠᠭᠤᠯᠬᠤ ᠳᠤ ᠬᠥᠷᠪᠡᠯ ᠳᠠᠷᠤᠭᠠᠰᠤ ᠶᠢ | ᠵᠤᠬᠢᠬᠤ ᠬᠡᠮᠵᠢᠶ᠎ᠠ ᠪᠠᠷ ᠬᠦᠩᠭᠡᠷᠡᠭᠦᠯᠵᠤ ᠴᠢᠳᠠᠨ᠎ᠠ᠃ | ᠬᠡᠰᠢᠬᠦᠨ ᠸᠠᠩ ᠫᠸᠢ ᠴᠢᠨ᠄ | ᠰᠤᠷᠪᠤᠯᠵᠢᠯᠠᠭᠴᠢ ᠶᠢᠨ ᠳᠤᠷᠠᠳᠤᠭᠰᠠᠨ ᠠᠰᠠᠭᠤᠯᠲᠠ᠄ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ | ᠠᠵᠢᠯ ᠤᠨ ᠲᠠᠯ᠎ᠠ ᠪᠠᠷ ᠪᠠᠰᠠ ᠶᠠᠮᠠᠷ ᠴᠢᠷᠮᠠᠶᠢᠯᠭ᠎ᠠ ᠭᠠᠷᠭᠠᠬᠤ ᠴᠢᠬᠤᠯᠠᠲᠠᠶ ᠪᠣᠶ︖ | ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠤᠳᠤᠯᠭ᠎ᠠ ᠶᠢᠨ ᠤᠬᠠᠭᠤᠯᠭ᠎ᠠ ᠶᠢ | ᠦᠷᠭᠦᠯᠵᠢᠯᠡᠨ ᠴᠢᠩᠭᠠᠳᠬᠠᠬᠤ ᠶᠢᠨ ᠬᠠᠮᠳᠤ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠥᠪᠡᠷ ᠢ ᠪᠠᠨ | ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠤᠶᠤᠨ | ᠰᠠᠨᠠᠭᠠᠨ ᠤ ᠤᠬᠠᠮᠰᠠᠷ ᠢ ᠬᠥᠮᠦᠵᠢᠭᠦᠯᠦᠨ ᠪᠤᠢ ᠪᠣᠯᠭᠠᠬᠤ ᠴᠢᠬᠤᠯᠠᠲᠠᠶ ᠪᠠᠶᠢᠨ᠎ᠠ᠃ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠭᠠᠴᠠᠭᠠᠨ ᠤ ᠵᠥᠪᠯᠡᠯ᠂ ᠰᠠᠭᠤᠭᠠᠯᠢ ᠠᠷᠠᠳ ᠤᠨ | ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ᠂ ᠠᠷᠠᠳ ᠤᠨ ᠶᠠᠪᠤᠳᠠᠯ᠂ | ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠲᠤᠰ ᠲᠤᠰ ᠤᠨ | ᠴᠢᠳᠠᠪᠬᠢ ᠦᠶ᠋ᠯᠡᠳᠦᠯ ᠢᠶᠠᠨ ᠭᠦᠶ᠋ᠴᠡᠳ ᠪᠠᠳᠠᠷᠠᠭᠤᠯᠵᠤ᠂ ᠬᠠᠷᠢᠯᠴᠠᠨ ᠬᠠᠮᠵᠢᠯᠴᠠᠵᠤ ᠬᠠᠮᠲᠤ ᠪᠠᠷ ᠲᠦᠯᠬᠢᠨ | ᠠᠬᠢᠭᠤᠯᠬᠤ ᠴᠢᠬᠤᠯᠠᠲᠠᠶ ᠪᠠᠶᠢᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ | ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠡᠮᠡᠭᠲᠡᠶᠢᠴᠦᠳ | ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠴᠢᠬᠤᠯᠠᠲᠠᠶ ᠪᠠᠶᠢᠨ᠎ᠠ᠃ | ᠬᠡᠰᠢᠬᠦᠨ ᠪᠢ ᠱᠦ ᠵᠢᠶᠧ᠄ | ᠰᠤᠷᠪᠤᠯᠵᠢᠯᠠᠭᠴᠢ ᠶᠢᠨ ᠳᠤᠷᠠᠳᠤᠭᠰᠠᠨ ᠠᠰᠠᠭᠤᠯᠳᠠ᠄ ᠬᠢᠵᠢᠭ ᠤᠨ ᠨᠥᠯᠥᠭᠡ ᠠᠴᠠ ᠪᠣᠯᠵᠣ᠂ ᠣᠳᠣᠬᠠᠨ ᠳᠤ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠦᠢᠯᠡᠳᠪᠤᠷᠢᠯᠡᠯ ᠢᠶᠠᠨ ᠰᠡᠷᠭᠦᠭᠡᠬᠦ ᠳᠤ ᠶᠠᠮᠠᠷ ᠬᠦᠴᠢᠷᠳᠡᠯ | ᠲᠤᠯᠭᠠᠷᠠᠵᠤ ᠪᠠᠶᠢᠬᠤ ᠪᠣᠶ︖ ᠪᠤᠳᠠᠲᠠᠢ ᠶᠠᠮᠠᠷᠬᠠᠨ ᠰᠠᠨᠠᠭᠤᠯᠭ᠎ᠠ ᠪᠠᠶᠢᠬᠤ ᠪᠤᠢ︖ | ᠮᠢᠨᠦ ᠦᠵᠡᠬᠦ ᠪᠠᠷ ᠠᠵᠢᠯ ᠦᠢᠯᠡᠳᠪᠤᠷᠢᠯᠡᠯ ᠢ ᠰᠡᠷᠭᠦᠭᠡᠬᠦ ᠳᠤ ᠲᠤᠯᠭᠠᠷᠠᠵᠤ ᠪᠠᠶᠢᠭ᠎ᠠ ᠭᠤᠤᠯ ᠬᠦᠴᠢᠷᠳᠡᠯ | ᠪᠣᠯ᠄ | ᠨᠢᠭᠡ᠂ ᠬᠡᠪ ᠤᠨ ᠡᠵᠡᠩᠨᠡᠯᠲᠡ ᠨᠢ ᠨᠥᠯᠥᠭᠡᠯᠡᠭᠳᠡᠭᠰᠡᠨ ᠠᠴᠠ ᠪᠣᠯᠵᠤ ᠣᠷᠣᠯᠭ᠎ᠠ ᠨᠢ ᠶᠡᠬᠡᠪᠡᠷ ᠬᠠᠰᠤᠭᠳᠠᠵᠤ᠂ | ᠡᠯ᠎ᠡ ᠭᠠᠵᠠᠷ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠣᠯᠠᠩᠬᠢ ᠨᠢ ᠬᠢᠵᠢᠭ ᠤᠨ ᠪᠠᠶᠢᠳᠠᠯ ᠤᠨ | ᠬᠤᠭᠤᠴᠠᠭᠠᠨ ᠳᠤ ᠴᠥᠮ ᠪᠡᠯᠡ ᠮᠥᠩᠭᠦ ᠶᠢᠨ ᠡᠷᠭᠢᠯᠲᠡ ᠶᠢᠨ ᠲᠠᠯ᠎ᠠ ᠪᠠᠷ ᠵᠣᠬᠢᠬᠤ ᠬᠡᠮᠵᠢᠶᠡᠨ ᠤ ᠬᠦᠴᠢᠷᠳᠡᠯ ᠳᠤ | ᠲᠤᠯᠭᠠᠷᠠᠵᠤ ᠪᠠᠶᠢᠨ᠎ᠠ᠃ | ᠬᠤᠶᠠᠷ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠴᠠᠯᠢᠩ᠂ ᠲᠠᠪᠤᠨ ᠳᠠᠭᠠᠳᠬᠠᠯ ᠨᠢᠭᠡ ᠮᠥᠩᠭᠦ᠂ | ᠭᠡᠷ ᠤᠨ ᠲᠦᠷᠢᠶᠡᠰᠦ᠂ ᠬᠥᠮᠦᠨ ᠤ ᠬᠦᠴᠦᠨ ᠤ ᠥᠪᠡᠷ ᠤᠨ ᠥᠷᠲᠡᠭ ᠨᠢ ᠥᠪᠡᠷ ᠤᠨ ᠥᠷᠲᠡᠭ ᠤᠨ ᠭᠤᠤᠯ | ᠵᠠᠷᠤᠳᠠᠯ ᠪᠤᠯᠬᠤ ᠪᠥᠭᠡᠳ ᠬᠢᠵᠢᠭ ᠤᠨ ᠪᠠᠶᠢᠳᠠᠯ ᠤᠨ ᠳᠣᠤᠷ᠎ᠠ ᠣᠷᠣᠯᠭ᠎ᠠ ᠨᠢ ᠬᠠᠰᠤᠭᠳᠠᠭᠰᠠᠨ ᠠᠴᠠ ᠪᠤᠯᠵᠤ ᠪᠡᠯᠡᠨ | ᠵᠣᠭᠤᠰ ᠤᠨ ᠨᠥᠭᠡᠴᠡ ᠬᠦᠷᠦᠯᠴᠡᠬᠦ ᠦᠭᠡᠢ ᠪᠠᠢᠶ᠋ᠬᠤ ᠪᠠᠶᠢᠳᠠᠯ ᠨᠡᠯᠢᠶᠡᠳ ᠲᠦᠭᠡᠮᠡᠯ ᠣᠷᠣᠰᠢᠵᠤ ᠪᠠᠶᠢᠨ᠎ᠠ᠃ | ᠭᠤᠷᠪᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠤᠯᠠᠮᠵᠢᠯᠠᠯᠲᠤ ᠡᠵᠡᠩᠨᠡᠯᠲᠡ ᠶᠢᠨ ᠵᠠᠭᠪᠤᠷ ᠲᠤ | ᠰᠢᠨ᠎ᠡ ᠥᠷᠢᠰᠥᠯᠳᠦᠭᠡᠨ ᠢ ᠠᠪᠴᠢᠷᠠᠪᠠ᠃ ᠨᠡᠶᠢᠭᠡᠮ ᠤᠨ ᠠᠵᠢᠯᠯᠠᠭᠠᠨ ᠤ ᠵᠠᠭᠪᠤᠷ ᠤᠨ ᠬᠤᠪᠢᠷᠠᠯᠲᠠ ᠶᠢᠨ ᠡᠮᠦᠨ᠎ᠡ᠂ | ᠮᠠᠰᠢ ᠤᠯᠠᠨ ᠤᠯᠠᠮᠵᠢᠯᠠᠯᠲᠤ ᠵᠢᠵᠢᠭᠯᠡᠨ ᠪᠤᠷᠤᠯᠠᠭᠤᠯᠬᠤ ᠠᠵᠢᠯ ᠲᠦᠷᠦᠯ᠂ ᠤᠯᠠᠮᠵᠢᠯᠠᠯᠲᠤ ᠦᠶ᠋ᠯᠡᠴᠢᠯᠡᠭᠡᠨ ᠤ ᠦᠶ᠋ᠯᠡᠰ | ᠂ ᠤᠯᠠᠮᠵᠢᠯᠠᠯᠲᠤ ᠦᠶ᠋ᠯᠡᠳᠬᠦ ᠦᠶ᠋ᠯᠡᠰ ᠤᠨ ᠠᠵᠢᠯ ᠦᠢᠯᠡᠳᠪᠤᠷᠢᠯᠡᠯ ᠢᠶᠠᠨ ᠰᠡᠷᠭᠦᠭᠡᠭᠰᠡᠨ ᠤ ᠲᠠᠷᠠᠭᠠᠬᠢ ᠪᠣᠷᠣᠯᠠᠭᠤᠯᠬᠤ | ᠵᠠᠮ ᠮᠦᠷ ᠨᠢ ᠮᠠᠰᠢ ᠶᠡᠭᠡ ᠲᠠᠭᠠᠷᠢᠯᠳᠠ ᠳᠤ ᠤᠴᠠᠷᠠᠵᠠᠶ᠃ | ᠰᠠᠨᠠᠭᠤᠯᠭ᠎ᠠ ᠬᠡᠪᠡᠯ᠄ ᠨᠢᠭᠡ᠂ ᠢᠳᠡᠪᠬᠢᠲᠡᠶ ᠪᠠᠷ ᠥᠪᠡᠷ ᠢ ᠪᠠᠨ ᠠᠪᠤᠷᠠᠬᠤ ᠪᠠᠷ ᠴᠢᠷᠮᠠᠶᠢᠨ᠎ᠠ᠃ ᠬᠤᠶᠠᠷ᠂ | ᠠᠵᠢᠯ ᠦᠢᠯᠡᠳᠪᠤᠷᠢᠯᠡᠯ ᠢᠶᠠᠨ ᠰᠡᠷᠭᠦᠭᠡᠭᠰᠡᠨ ᠤ ᠳᠠᠷᠠᠭᠠᠬᠢ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠬᠢᠨ᠎ᠠ᠃ | ᠭᠤᠷᠪᠠ᠂ ᠰᠢᠨ᠎ᠠ ᠶᠢ ᠡᠭᠦᠳᠦᠨ ᠬᠦᠭᠵᠢᠯᠳᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠲᠤᠬᠠᠶᠢᠯᠠᠭᠰᠠᠨ ᠠᠵᠢᠯ ᠤᠨ | ᠰᠢᠨ᠎ᠠ ᠵᠠᠭᠪᠤᠷ ᠢ ᠬᠠᠶᠢᠨ ᠰᠦᠪᠡᠭᠴᠢᠯᠡᠨ᠎ᠠ᠃ ᠳᠥᠷᠪᠡ᠂ ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠠᠶᠢᠨ | ᠰᠦᠪᠡᠭᠴᠢᠯᠡᠨ᠎ᠠ᠃ ᠲᠠᠪᠤ᠂ ᠣᠬᠤᠷ ᠬᠤᠭᠤᠴᠠᠭᠠᠨ ᠤ ᠡᠵᠡᠩᠨᠡᠯᠲᠡ ᠶᠢᠨ ᠳᠠᠷᠤᠯᠲᠠ ᠶᠢ ᠨᠠᠮᠳᠠᠭᠤᠯᠬᠤ ᠶᠢᠨ ᠬᠠᠮᠲᠤ | ᠤᠷᠲᠤ ᠬᠤᠭᠤᠴᠠᠭᠠᠨ ᠤ ᠠᠰᠠᠭᠤᠳᠠᠯ᠂ ᠪᠦᠲᠦᠴᠡ ᠶᠢᠨ ᠬᠡᠯᠪᠡᠷᠢ ᠶᠢᠨ ᠬᠤᠪᠢᠷᠠᠯᠲᠠ ᠶᠢᠨ ᠠᠰᠠᠭᠤᠳᠠᠯ ᠪᠠ ᠰᠢᠨ᠎ᠡ | ᠠᠵᠤ ᠠᠬᠤᠶ ᠶᠢᠨ ᠨᠡᠮᠡᠭᠳᠡᠯ ᠤᠨ ᠢᠷᠡᠭᠡᠳᠦᠶ ᠶᠢᠨ ᠲᠤᠬᠠᠶ ᠨᠡᠩ ᠭᠦᠨᠵᠡᠭᠡᠶ᠂ ᠨᠡᠩ ᠰᠡᠷᠭᠡᠭ ᠲᠠᠨᠢᠯᠲᠠ ᠲᠠᠢ ᠪᠠᠶᠢᠵᠤ᠂ | ᠢᠳᠡᠪᠬᠢᠲᠡᠶ ᠪᠠᠷ ᠠᠷᠭᠠᠴᠠᠭᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠬᠤ ᠬᠡᠷᠡᠭᠲᠡᠶ ᠬᠡᠵᠤ ᠥᠵᠡᠵᠤ ᠪᠠᠶᠢᠨ᠎ᠡ | ᠃ |