ᠬᠤᠲᠠ ᠤᠯᠠᠨ ᠤ ᠠᠩᠬᠠᠷᠦᠯ ᠢ ᠳᠠᠲᠠᠭᠰᠠᠨ ︽ᠬᠤᠶᠠᠷ ᠬᠤᠷᠠᠯ︾ ᠦᠪᠡᠳᠡᠭᠰᠢ ᠶᠡᠭᠡ ᠪᠠᠷ ᠶᠠᠪᠤᠭᠳᠠᠵᠦ᠂ | ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠨᠠᠷ ᠥᠪᠡᠷ ᠤᠨ ᠰᠠᠨᠠᠭᠤᠯᠭ᠎ᠠ | ᠳᠤᠷᠠᠳᠤᠯᠭ᠎ᠠ ᠪᠠᠨ ᠳᠡᠪᠰᠢᠬᠦᠯᠬᠦ ᠪᠠᠷ ᠬᠤᠷᠠᠯ ᠤᠨ ᠲᠠᠯᠠᠪᠤᠷ ᠲᠤ ᠤᠷᠤᠯ᠎ᠠ᠃ ᠠᠩᠬ᠎ᠠ ᠤᠳᠠᠭ᠎ᠠ ︽ᠬᠤᠶᠠᠷ ᠬᠤᠷᠠᠯ︾ | ᠢ ᠰᠤᠷᠪᠤᠯᠵᠢᠯᠠᠭᠰᠠᠨ ᠵᠠᠯᠠᠭᠤ ᠰᠤᠷᠪᠤᠯᠵᠢᠯᠠᠭᠴᠢ ᠲᠡᠷᠭᠡᠯ ᠮᠣᠩᠭᠤᠯ ᠲᠡᠷᠯᠢᠭ ᠢᠶᠠᠨ ᠡᠮᠦᠰᠴᠦ ᠲᠥᠯᠥᠭᠡᠯᠡᠭᠴᠢᠳ | ᠬᠡᠰᠢᠬᠦᠳ ᠢ ᠰᠤᠷᠪᠤᠯᠵᠢᠯᠠᠨ ᠬᠦᠶᠦᠵᠦ᠂ ᠤᠢᠢᠷ ᠡ ᠬᠠᠪᠢ ᠶᠢᠨ ᠬᠦᠮᠦᠰ ᠤᠨ ᠠᠩᠬᠠᠷᠦᠯ ᠢ ᠳᠠᠲᠠᠪᠠ᠃ | | | | ᠬᠠᠷᠠᠬᠠᠨ ᠪᠠᠭ᠎ᠠ ᠠᠴᠠ ᠪᠠᠨ ᠬᠦᠲᠦᠯᠦᠭᠴᠢ ᠳᠤ ᠲᠤᠷ᠎ᠡ ᠪᠠᠭ᠋ᠠ ᠲᠠᠢ ᠲᠡᠷᠡ 2015 ᠤᠨ ᠳᠤ | ᠬᠦᠬᠡᠬᠤᠲᠠ ᠦᠨᠳᠦᠰᠦᠲᠡᠨ ᠤ ᠳᠡᠭᠡᠲᠦ ᠰᠤᠷᠭᠠᠭᠤᠯᠢ ᠶᠢᠨ ᠨᠡᠪᠲᠡᠷᠡᠬᠦᠯᠬᠡ ᠬᠦᠲᠦᠯᠦᠭᠴᠢ ᠶᠢᠨ ᠠᠩᠭᠢ ᠳᠤ | ᠰᠢᠯᠭᠠᠭᠳᠠᠨ ᠤᠷᠦᠵᠦ᠂ 2019 ᠤᠨ ᠳᠤ ᠶᠡᠭᠡ ᠰᠤᠷᠭᠠᠭᠤᠯᠢ ᠪᠠᠨ ᠲᠡᠬᠦᠰᠭᠡᠭᠡᠳ ᠡᠳᠦᠬᠡ ᠤᠷᠳᠦᠰ ᠤᠨ ᠷᠠᠳᠢᠣ᠋ | ᠲᠧᠯᠸᠢᠰ ᠬᠤᠷᠢᠶᠠᠨ ᠤ ᠮᠤᠩᠭᠤᠯ ᠬᠡᠯᠡᠨ ᠤ ᠶᠡᠷᠦᠩᠬᠡᠶᠢᠯᠡᠭᠰᠡᠨ ᠷᠠᠳᠢᠣ᠋ ᠳᠤ ᠠᠵᠢᠯᠯᠠᠵᠦ ᠪᠠᠶᠢᠨ᠎ᠡ᠃ ᠬᠡᠳᠦ᠋ᠢᠪᠡᠷ | ᠠᠵᠢᠯ ᠤᠨ ᠪᠠᠶᠢᠷᠢ ᠳᠤ ᠭᠠᠷᠦᠭᠠᠳ ᠲᠡᠮᠡᠢ ᠤᠳᠠᠭᠰᠠᠨ ᠦᠭᠡᠢ ᠪᠤᠯᠪᠠᠴᠤ᠂ ᠥᠪᠡᠷ ᠤᠨ ᠴᠢᠷᠮᠠᠶᠢᠯᠭ᠎ᠠ ᠪᠠᠷ ᠢᠶᠠᠨ | ᠬᠦᠲᠦᠯᠦᠭᠴᠢ ᠰᠤᠷᠪᠤᠯᠵᠢᠯᠠᠭᠴᠢ ᠶᠢᠨ ᠠᠵᠢᠯ ᠢ ᠪᠡᠶ᠎ᠡ ᠪᠠᠨ ᠳᠠᠭᠠᠭᠠᠨ ᠰᠠᠶᠢᠨ ᠬᠢᠵᠦ ᠴᠢᠳᠠᠬᠤ ᠪᠤᠯᠤᠭᠰᠠᠨ ᠢᠶᠠᠷ | ᠪᠠᠷᠠᠬᠤ ᠦᠭᠡᠢ ᠪᠠᠰᠠ ᠸᠢᠳᠢᠣ᠋ ᠪᠢᠴᠢᠯᠭᠡ᠂ ᠭᠡᠷᠡᠯ ᠵᠢᠷᠤᠭ ᠳᠠᠲᠠᠬᠤ᠂ ᠹᠢᠯᠢᠮ ᠬᠠᠶᠢᠴᠢᠯᠠᠬᠤ ᠵᠡᠷᠭᠡ ᠠᠵᠢᠯ ᠳᠤ | ᠴᠠᠭᠠᠷᠠᠵᠤ᠂ ᠬᠠᠮᠲᠦ ᠠᠵᠢᠯᠲᠠᠨ ᠤ ᠨᠢᠳᠦᠨ ᠳᠠᠬᠢ ︽ᠶᠢᠰᠦᠨ ᠡᠷᠳᠡᠮ ᠳᠤ ᠨᠡᠪᠲᠡᠷᠡᠭᠰᠡᠨ ᠬᠦᠮᠦᠨ︾ ᠪᠤᠯᠤᠭᠰᠠᠨ | ᠪᠠᠶᠢᠨ᠎ᠡ᠃ | | | | ᠮᠤᠩᠭᠤᠯ ᠲᠡᠷᠯᠢᠭ ᠢᠶᠠᠨ ᠡᠮᠦᠰᠴᠦ ᠰᠤᠷᠪᠤᠯᠵᠢᠯᠠᠭ᠎ᠠ ᠬᠢᠭᠰᠡᠨ ᠲᠤᠬᠠᠢ ᠲᠡᠷᠡ᠄ ︽ᠡᠳᠦᠷ ᠳᠤᠲᠤᠮ ᠤᠨ | ᠠᠮᠢᠳᠦᠷᠠᠯ ᠳᠤᠮᠳᠠ ᠮᠤᠩᠭᠤᠯ ᠲᠡᠷᠯᠢᠭ ᠡᠮᠦᠰᠬᠦ ᠬᠦᠮᠦᠨ ᠲᠤᠩ ᠴᠦᠭᠡᠨ ᠪᠤᠯᠵᠠᠢ᠃ ᠨᠢᠭᠡᠨ ᠮᠤᠩᠭᠤᠯ | ᠰᠤᠷᠪᠤᠯᠵᠢᠯᠠᠭᠴᠢ ᠪᠤᠯᠤᠭᠰᠠᠨ ᠤ ᠬᠤᠪᠢ ᠳᠤ ᠡᠶᠢᠮᠦ ᠶᠡᠭᠡ ᠬᠤᠷᠠᠯ ᠤᠨ ᠭᠠᠵᠠᠷ ᠲᠤ ᠮᠤᠩᠭᠤᠯ ᠲᠡᠷᠯᠢᠭ ᠢᠶᠠᠨ | ᠡᠮᠦᠰᠴᠦ ᠰᠤᠷᠪᠤᠯᠵᠢᠯᠠᠬᠤ ᠨᠢ ᠦᠨᠳᠦᠰᠦᠲᠡᠨ ᠤ ᠤᠨᠴᠠᠯᠢᠭ ᠢᠶᠠᠨ ᠳᠤᠪᠤᠶᠢᠯᠭᠠᠵᠦ ᠳᠡᠶᠢᠯᠬᠦ ᠪᠠᠷ ᠪᠠᠷᠠᠬᠤ ᠦᠭᠡᠢ ᠨᠡᠩ | ᠴᠢᠬᠤᠯᠠ ᠨᠢ ᠮᠤᠩᠭᠤᠯᠴᠦᠳ ᠲᠠᠭᠠᠨ ᠮᠤᠩᠭᠤᠯ ᠢᠶᠠᠷ ᠢᠶᠠᠨ ᠭᠤᠶᠤᠯᠠᠬᠤ ᠶᠢ ᠤᠷᠢᠶᠠᠯᠠᠬᠤ ᠭᠡᠰᠡᠨ ᠶᠤᠮ ᠡ︾ ᠭᠡᠵᠦ | ᠶᠠᠷᠢᠯ ᠡ᠃ | | | | | | | |