ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠠᠵᠠᠷ ᠤᠨ ᠵᠦᠪᠰᠢᠶᠡᠷᠡᠯ ᠢᠶᠠᠷ᠂ 4 | ᠰᠠᠷ᠎ᠠ ᠶᠢᠨ 21 ᠤ ᠡᠳᠦᠷ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠮᠡᠳᠡᠭᠳᠡᠯ | ᠭᠠᠷᠭᠠᠵᠤ᠂ ᠪᠦᠬᠦ ᠤᠷᠤᠨ ᠤ ᠠᠩᠬ᠎ᠠ ᠭᠤᠷᠪᠠᠳᠤᠭᠠᠷ ᠤᠨ᠂ ᠦᠨᠳᠦᠷ ᠭᠤᠷᠪᠠᠳᠤᠭᠠᠷ ᠤᠨ ᠤ ᠬᠢᠴᠢᠶᠡᠯ ᠢ | ᠰᠡᠷᠭᠦᠭᠡᠭᠰᠡᠨ ᠤ ᠲᠠᠷᠠᠭ᠎ᠠ᠂ ᠪᠤᠰᠤᠳ ᠰᠤᠷᠬᠤ ᠱᠠᠳᠤᠨ ᠤ ᠰᠤᠷᠭᠠᠭᠤᠯᠢ ᠡᠬᠢᠯᠡᠵᠤ ᠬᠢᠴᠢᠶᠡᠯ ᠰᠡᠷᠭᠦᠭᠡᠬᠦ ᠴᠠᠭ ᠢ | ᠲᠤᠤᠷᠠᠬᠢ ᠮᠡᠳᠦ ᠲᠤᠬᠢᠷᠠᠭᠤᠯᠪᠠ᠄ | ᠨᠢᠭᠡ᠂ 4 ᠰᠠᠷ᠎ᠠ ᠶᠢᠨ 23 ᠤ ᠡᠳᠦᠷ ᠠᠴᠠ ᠡᠬᠢᠯᠡᠨ᠂ ᠠᠩᠬ᠎ᠠ ᠲᠤᠮᠳᠠᠳᠤ ᠦᠨᠳᠦᠷ ᠲᠤᠮᠳᠠᠳᠤ ᠶᠢᠨ | ᠨᠢᠭᠡᠳᠦᠭᠡᠷ ᠤᠨ᠂ ᠬᠤᠶᠠᠳᠤᠭᠠᠷ ᠤᠨ ᠪᠤᠯᠤᠨ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠪᠠᠷᠢᠮᠵᠢᠶ᠎ᠠ ᠳᠤ ᠬᠦᠷᠬᠦ ᠦᠭᠡᠢ ᠪᠤᠯ ᠰᠤᠷᠭᠠᠭᠤᠯᠢ ᠡᠬᠢᠯᠡᠵᠤ ᠪᠤᠯᠬᠤ ᠦᠭᠡᠢ᠃ | ᠬᠤᠶᠠᠷ᠂ 5 ᠰᠠᠷ᠎ᠠ ᠶᠢᠨ 7 ᠤ ᠡᠳᠦᠷ ᠠᠴᠠ ᠡᠬᠢᠯᠡᠨ᠂ ᠪᠠᠭ᠎ᠠ ᠰᠤᠷᠭᠠᠭᠤᠯᠢ ᠶᠢᠨ ᠲᠡᠭᠡᠳᠦ ᠤᠨ ︵ | ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠤᠨ︶ ᠠᠶᠢᠮᠠᠭ ᠬᠤᠳᠠ ᠶᠢᠨ ᠵᠢᠯᠤᠭᠤᠳᠬᠤ ᠭᠠᠵᠠᠷ ᠤᠨ ᠦᠨᠡᠯᠡᠨ | ᠲᠤᠭᠳᠠᠭᠠᠯᠳᠠ ᠪᠠᠷ ᠲᠠᠮᠵᠢᠨ ᠬᠢᠷᠢ ᠲᠡᠩᠴᠡᠭᠰᠡᠨ ᠤ ᠲᠠᠷᠠᠭ᠎ᠠ ᠰᠤᠷᠭᠠᠭᠤᠯᠢ ᠡᠬᠢᠯᠡᠵᠤ ᠬᠢᠴᠢᠶᠡᠯ ᠰᠡᠷᠭᠦᠭᠡᠵᠤ ᠪᠤᠯᠤᠨ᠎ᠠ | ᠂ ᠪᠠᠷᠢᠮᠵᠢᠶ᠎ᠠ ᠳᠤ ᠬᠦᠷᠬᠦ ᠦᠭᠡᠢ ᠰᠤᠷᠭᠠᠭᠤᠯᠢ ᠨᠢ ᠰᠤᠷᠭᠠᠭᠤᠯᠢ ᠡᠬᠢᠯᠡᠵᠤ ᠪᠤᠯᠬᠤ ᠦᠭᠡᠢ᠃ ᠪᠠᠭ᠎ᠠ | ᠰᠤᠷᠭᠠᠭᠤᠯᠢ ᠶᠢᠨ ᠪᠤᠰᠤᠳ ᠤᠨ ᠪᠠ ᠬᠡᠦᠭᠡᠳ ᠤᠨ ᠴᠡᠴᠡᠷᠯᠢᠭ᠂ ᠤᠨᠴᠠᠭᠠᠢ ᠰᠤᠷᠭᠠᠨ ᠬᠦᠮᠦᠵᠢᠯ ᠤᠨ | ᠰᠤᠷᠭᠠᠭᠤᠯᠢ ᠶᠢᠨ ᠰᠤᠷᠭᠠᠭᠤᠯᠢ ᠡᠬᠢᠯᠡᠬᠦ ᠴᠠᠭ ᠢ ᠡᠯ᠎ᠠ ᠠᠶᠢᠮᠠᠭ ᠬᠤᠳᠠ ᠬᠢᠵᠢᠭ ᠤᠨ ᠪᠠᠶᠢᠳᠠᠯ ᠢ ᠰᠡᠷᠭᠡᠶᠢᠯᠡᠨ | ᠬᠤᠷᠢᠭᠯᠠᠬᠤ ᠪᠠᠶᠢᠳᠠᠯ ᠢᠶᠠᠨ ᠦᠵᠡᠵᠤ ᠪᠠᠶᠢᠭᠠᠳ ᠠᠰ ᠲᠤᠨᠢ ᠲᠤᠭᠳᠠᠭᠠᠨ᠎ᠠ᠃ | ᠭᠤᠷᠪᠠ᠂ 5 ᠰᠠᠷ᠎ᠠ ᠶᠢᠨ 7 ᠤ ᠡᠳᠦᠷ ᠠᠴᠠ ᠡᠬᠢᠯᠡᠨ᠂ ᠦᠨᠡᠯᠡᠨ ᠲᠤᠭᠳᠠᠭᠠᠯᠳᠠ ᠪᠠᠷ ᠲᠠᠮᠵᠢᠨ | ᠰᠤᠷᠭᠠᠭᠤᠯᠢ ᠡᠬᠢᠯᠡᠵᠤ ᠬᠢᠴᠢᠶᠡᠯ ᠰᠡᠷᠭᠦᠭᠡᠬᠦ ᠪᠠᠷᠢᠮᠵᠢᠶ᠎ᠠ ᠳᠤ ᠬᠦᠷᠦᠭᠰᠡᠨ ᠶᠡᠭᠡ ᠲᠡᠭᠡᠳᠦ ᠰᠤᠷᠭᠠᠭᠤᠯᠢ ᠶᠢᠨ ᠲᠡᠭᠦᠰᠬᠦ | ᠤᠨ ︵ᠲᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠵᠢᠩᠬᠢᠨᠢ ᠠᠩᠬᠢ᠂ ᠰᠤᠳᠤᠯᠬᠤ ᠰᠤᠷᠤᠭᠴᠢ᠂ | ᠳ᠋ᠤᠺᠲ᠋ᠤᠷ︶ ᠵᠢᠴᠢ ᠤᠯᠤᠰ ᠤᠨ ᠲᠤᠳᠤᠭᠠᠳᠤ ᠶᠢᠨ ᠲᠤᠮᠳᠠ᠂ ᠦᠨᠳᠦᠷ ᠵᠡᠷᠭᠡ ᠶᠢᠨ ᠠᠶᠤᠯ ᠲᠦᠭᠰᠢᠭᠦᠷᠢ ᠲᠠᠢ | ᠭᠠᠵᠠᠷ ᠤᠷᠤᠨ ᠪᠠ ᠪᠤᠰᠤᠳ ᠭᠠᠳᠠᠨ᠎ᠠ ᠠᠴᠠ ᠤᠷᠤᠵᠤ ᠢᠷᠡᠬᠦ ᠠᠶᠤᠯ ᠲᠦᠭᠰᠢᠭᠦᠷᠢ ᠨᠡᠯᠢᠶᠡᠳ ᠶᠡᠭᠡ ᠭᠠᠵᠠᠷ | ᠤᠷᠤᠨ ᠤ ᠰᠤᠷᠤᠭᠴᠢ ᠶᠢᠨ ᠢᠷᠡᠯᠳᠡ ᠲᠠᠢ ᠶᠡᠭᠡ ᠲᠡᠭᠡᠳᠦ ᠰᠤᠷᠭᠠᠭᠤᠯᠢ ᠨᠢ ᠤᠷᠢᠳᠠᠪᠠᠷ ᠬᠤᠭᠤᠴᠠᠭ᠎ᠠ | ᠠᠯᠤᠰᠯᠠᠭᠤᠯᠤᠨ ᠰᠤᠷᠭᠠᠭᠤᠯᠢ ᠡᠬᠢᠯᠡᠵᠤ ᠬᠢᠴᠢᠶᠡᠯ ᠰᠡᠷᠭᠦᠭᠡᠨ᠎ᠠ᠃ 5 ᠰᠠᠷ᠎ᠠ ᠶᠢᠨ 13 ᠤ ᠡᠳᠦᠷ ᠠᠴᠠ ᠡᠬᠢᠯᠡᠨ᠂ | ᠦᠨᠡᠯᠡᠨ ᠲᠤᠭᠳᠠᠭᠠᠯᠳᠠ ᠪᠠᠷ ᠲᠠᠮᠵᠢᠨ ᠰᠤᠷᠭᠠᠭᠤᠯᠢ ᠡᠬᠢᠯᠡᠵᠤ ᠬᠢᠴᠢᠶᠡᠯ ᠰᠡᠷᠭᠦᠭᠡᠬᠦ ᠪᠠᠷᠢᠮᠵᠢᠶ᠎ᠠ ᠳᠤ ᠬᠦᠷᠦᠭᠰᠡᠨ | ᠶᠡᠭᠡ ᠲᠡᠭᠡᠳᠦ ᠰᠤᠷᠭᠠᠭᠤᠯᠢ ᠪᠤᠰᠤᠳ ᠤᠨ ᠢᠶᠠᠨ ᠰᠤᠷᠭᠠᠭᠤᠯᠢ ᠡᠬᠢᠯᠡᠭᠦᠯᠵᠤ ᠬᠢᠴᠢᠶᠡᠯ ᠢ ᠨᠢ ᠰᠡᠷᠭᠦᠭᠡᠵᠤ ᠪᠤᠯᠤᠨ᠎ᠠ᠃ | ᠡᠭᠦᠨ ᠳᠤ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠶᠡᠭᠡ ᠲᠡᠭᠡᠳᠦ ᠰᠤᠷᠭᠠᠭᠤᠯᠢ ᠶᠢ ᠰᠤᠷᠭᠠᠨ | ᠬᠦᠮᠦᠵᠢᠯ ᠤᠨ ᠲᠢᠩᠬᠢᠮ ᠠᠴᠠ ᠵᠤᠬᠢᠶᠠᠨ ᠪᠠᠶᠢᠭᠤᠯᠤᠨ ᠦᠨᠡᠯᠡᠨ ᠲᠤᠭᠳᠠᠭᠠᠵᠤ᠂ ᠠᠶᠢᠮᠠᠭ ᠬᠤᠳᠠ ᠶᠢᠨ | ᠬᠠᠷᠢᠶᠠᠨ ᠳᠠᠬᠢ ᠶᠡᠭᠡ ᠲᠡᠭᠡᠳᠦ ᠰᠤᠷᠭᠠᠭᠤᠯᠢ ᠶᠢ ᠠᠶᠢᠮᠠᠭ ᠬᠤᠳᠠ ᠶᠢᠨ ᠵᠠᠰᠠᠬ ᠤᠨ ᠤᠷᠳᠤᠨ ᠠᠴᠠ ᠵᠤᠬᠢᠶᠠᠨ | ᠪᠠᠶᠢᠭᠤᠯᠤᠨ ᠦᠨᠡᠯᠡᠨ ᠲᠤᠭᠳᠠᠭᠠᠨ᠎ᠠ᠃ | ᠲᠦᠷᠪᠡ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠨᠢ ᠲᠤᠬᠠᠢ ᠶᠢᠨ ᠭᠠᠵᠠᠷ ᠤᠨ | ᠲᠤᠮᠳᠠᠳᠤ ᠪᠠᠭ᠎ᠠ ᠰᠤᠷᠭᠠᠭᠤᠯᠢ᠂ ᠬᠡᠦᠭᠡᠳ ᠤᠨ ᠴᠡᠴᠡᠷᠯᠢᠭ ᠪᠦᠬᠦᠨ ᠢᠶᠠᠷ ᠢᠶᠠᠨ ᠰᠤᠷᠭᠠᠭᠤᠯᠢ ᠡᠬᠢᠯᠡᠬᠦ ᠠᠴᠠ ᠡᠮᠦᠨ᠎ᠠ | ᠰᠦᠯᠵᠢᠶᠡᠨ ᠤ ᠭᠠᠳᠠᠨᠠᠬᠢ ᠪᠤᠯᠪᠠᠰᠤᠷᠠᠯ ᠪᠠ ᠦᠢᠯᠡᠴᠢᠯᠡᠭᠡ ᠦᠷᠨᠢᠭᠦᠯᠵᠤ ᠪᠤᠯᠬᠤ ᠦᠭᠡᠢ᠃ | ᠡᠯ᠎ᠠ ᠭᠠᠵᠠᠷ ᠤᠨ ᠡᠯ᠎ᠠ ᠰᠤᠷᠭᠠᠭᠤᠯᠢ ᠨᠤᠭᠤᠳ ᠰᠤᠷᠭᠠᠨ ᠬᠦᠮᠦᠵᠢᠯ ᠤᠨ ᠶᠠᠮᠤᠨ ᠤ ︽ᠬᠢᠵᠢᠭ ᠤᠨ | ᠪᠠᠶᠢᠳᠠᠯ ᠢ ᠦᠨᠳᠦᠰᠦᠨ ᠳᠡᠭᠡᠨ ᠬᠤᠷᠢᠭᠯᠠᠬᠤ ᠲᠡᠶᠢᠯᠬᠦ ᠦᠭᠡᠢ ᠪᠤᠯ ᠰᠤᠷᠭᠠᠭᠤᠯᠢ ᠡᠬᠢᠯᠡᠬᠦ ᠦᠭᠡᠢ᠂ | ᠰᠤᠷᠭᠠᠭᠤᠯᠢ ᠶᠢᠨ ᠦᠨᠳᠦᠰᠦᠨ ᠰᠡᠷᠭᠡᠶᠢᠯᠡᠨ ᠬᠤᠷᠢᠭᠯᠠᠬᠤ ᠨᠦᠬᠦᠴᠡᠯ ᠪᠦᠷᠢᠳᠦᠬᠦ ᠦᠭᠡᠢ ᠪᠤᠯ ᠰᠤᠷᠭᠠᠭᠤᠯᠢ ᠡᠬᠢᠯᠡᠬᠦ | ᠦᠭᠡᠢ᠂ ᠪᠠᠭᠰᠢ ᠰᠤᠷᠤᠭᠴᠢ ᠪᠠ ᠰᠤᠷᠭᠠᠭᠤᠯᠢ ᠶᠢᠨ ᠬᠦᠷᠢᠶᠡᠨ ᠤ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ | ᠠᠮᠤᠷ ᠲᠦᠪᠰᠢᠨ ᠢ ᠪᠠᠳᠤᠯᠠᠬᠤ ᠴᠢᠳᠠᠬᠤ ᠦᠭᠡᠢ ᠪᠤᠯ ᠰᠤᠷᠭᠠᠭᠤᠯᠢ ᠡᠬᠢᠯᠡᠬᠦ ᠦᠭᠡᠢ︾ ᠱᠠᠭᠠᠷᠳᠠᠯᠭ᠎ᠠ ᠶᠢ ᠴᠢᠩᠭ᠎ᠠ | ᠵᠢᠷᠤᠮᠯᠠᠵᠤ᠂ ᠰᠤᠷᠭᠠᠭᠤᠯᠢ ᠡᠬᠢᠯᠡᠵᠤ ᠬᠢᠴᠢᠶᠡᠯ ᠰᠡᠷᠭᠦᠭᠡᠬᠦ ᠪᠡᠯᠡᠳᠭᠡᠯ ᠠᠵᠢᠯ ᠢ ᠨᠠᠷᠢᠨ ᠬᠢᠨᠠᠮᠠᠭᠠᠢ ᠵᠤᠬᠢᠶᠠᠨ | ᠪᠠᠶᠢᠭᠤᠯᠵᠤ᠂ ᠬᠢᠨᠠᠨ ᠪᠠᠶᠢᠴᠠᠭᠠᠬᠤ ᠪᠠ ᠦᠨᠡᠯᠡᠨ ᠲᠤᠭᠳᠠᠭᠠᠵᠤ᠂ ᠨᠦᠬᠦᠴᠡᠯ ᠳᠤ ᠨᠡᠶᠢᠴᠡᠭᠰᠡᠨ ᠢ ᠨᠢ ᠪᠦᠯᠦᠭ᠂ | ᠬᠤᠭᠤᠴᠠᠭ᠎ᠠ ᠬᠤᠪᠢᠶᠠᠨ ᠡᠮᠭᠢ ᠴᠡᠭᠴᠡᠳᠡᠢ ᠰᠤᠷᠭᠠᠭᠤᠯᠢ ᠡᠬᠢᠯᠡᠭᠦᠯᠦᠨ᠎ᠠ᠃ ᠨᠦᠬᠦᠴᠡᠯ ᠳᠤ ᠨᠡᠶᠢᠴᠡᠬᠦ ᠦᠭᠡᠢ ᠶᠢ ᠨᠢ | ᠡᠷᠡᠰ ᠰᠤᠷᠭᠠᠭᠤᠯᠢ ᠡᠬᠢᠯᠡᠭᠦᠯᠵᠤ ᠪᠤᠯᠬᠤ ᠦᠭᠡᠢ᠃ | ᠡᠯ᠎ᠠ ᠱᠠᠳᠤᠨ ᠤ ᠡᠯ᠎ᠠ ᠲᠦᠷᠦᠯ ᠤᠨ ᠰᠤᠷᠭᠠᠭᠤᠯᠢ ᠨᠤᠭᠤᠳ ᠤᠨ ᠬᠢᠯᠢ ᠶᠢᠨ ᠭᠠᠳᠠᠨ᠎ᠠ ᠪᠠᠶᠢᠭ᠎ᠠ ᠪᠠᠭᠰᠢ | ᠰᠤᠷᠤᠭᠴᠢ ᠰᠤᠷᠭᠠᠭᠤᠯᠢ ᠳᠠᠭᠠᠨ ᠪᠤᠴᠠᠵᠤ ᠪᠤᠯᠬᠤ ᠦᠭᠡᠢ᠃ ᠬᠤᠪᠧᠢ ᠮᠤᠵᠢ ᠪᠠ ᠤᠯᠤᠰ ᠤᠨ ᠲᠤᠳᠤᠭᠠᠳᠤ ᠶᠢᠨ | ᠲᠤᠮᠳᠠ᠂ ᠦᠨᠳᠦᠷ ᠠᠶᠤᠯ ᠲᠦᠭᠰᠢᠭᠦᠷᠢ ᠲᠠᠢ ᠤᠷᠤᠨ ᠠᠴᠠ ᠰᠤᠷᠭᠠᠭᠤᠯᠢ ᠳᠠᠭᠠᠨ ᠪᠤᠴᠠᠬᠤ ᠪᠠᠭᠰᠢ ᠰᠤᠷᠤᠭᠴᠢ | ᠲᠤᠭᠳᠠᠭᠠᠯ ᠶᠤᠰᠤᠭᠠᠷ ᠲᠤᠰᠠᠭᠠᠷᠯᠠᠯᠳᠠ ᠪᠠ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠭᠡᠷᠡᠭᠳᠡᠢ᠃ | ᠪᠤᠭᠤᠮᠳᠠ ᠶᠢᠨ ᠬᠤᠳᠠ ᠪᠠᠯᠭᠠᠰᠤ ᠪᠤᠯᠤᠨ ᠪᠤᠰᠤᠳ ᠭᠠᠳᠠᠨ᠎ᠠ ᠠᠴᠠ ᠬᠠᠯᠳᠠᠪᠤᠷᠢᠯᠠᠬᠤ ᠲᠦᠭᠰᠢᠭᠦᠷᠢ ᠨᠡᠯᠢᠶᠡᠳ ᠶᠡᠭᠡ | ᠭᠠᠵᠠᠷ ᠤᠷᠤᠨ ᠤ ᠰᠤᠷᠭᠠᠭᠤᠯᠢ ᠡᠬᠢᠯᠡᠬᠦ ᠴᠠᠭ ᠢ ᠠᠶᠢᠮᠠᠭ ᠬᠤᠳᠠ ᠶᠢᠨ ᠵᠠᠰᠠᠭ ᠤᠨ ᠤᠷᠳᠤᠨ ᠠᠴᠠ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠵᠤ ᠲᠤᠭᠳᠠᠭᠠᠨ᠎ᠠ᠃ |