ᠠᠯᠳᠠᠨᠳᠠᠯᠠᠢ᠄ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠬᠠᠮᠢᠶᠠᠷᠤᠯᠳᠠ ᠶᠢ ᠡᠷᠴᠢᠮᠵᠢᠬᠦᠯᠬᠦ ᠴᠢᠬᠤᠯᠠ ᠲᠠᠢ
ᠨᠡᠶᠢᠲᠡᠯᠡᠭᠰᠡᠨ ᠴᠠᠭ᠄
2020/4/23
      ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠠᠯᠳᠠᠨᠳᠠᠯᠠᠢ ᠡᠵᠡᠨ ᠬᠤᠷᠤᠭ᠎ᠠ ᠬᠤᠰᠢᠭᠤ ᠠᠴᠠ ᠢᠷᠡᠵᠡᠢ᠃ ᠳᠡᠬᠦᠨ ᠤ ᠪᠠᠶᠢᠴᠠᠭᠠᠨ ᠰᠤᠳᠤᠯᠤᠯᠳᠠ ᠬᠢᠭᠰᠡᠨ ᠢᠶᠠᠷ᠄ ᠨᠢᠳᠤᠨᠤᠨ ᠪᠦᠬᠦ ᠬᠤᠳᠠ ᠶᠢᠨ 736 ᠭᠠᠴᠠᠭ᠎ᠠ ᠳᠤᠰᠬᠤᠨ ᠴᠥᠮ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠶᠢᠨ ᠴᠢᠨᠡᠷᠳᠡᠢ ᠤᠷᠤᠯᠭ᠎ᠠ ᠲᠠᠢ ᠪᠤᠯᠵᠤ᠂ ᠡᠯ᠎ᠡ ᠳᠦᠷᠦᠯ ᠤᠨ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠨᠡᠶᠢᠳᠡ 501 ᠪᠤᠢ᠃ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠶᠢᠨ ᠴᠢᠨᠡᠷᠳᠡᠢ ᠶᠡᠷᠦᠩᠬᠡᠢ ᠤᠷᠤᠯᠭ᠎ᠠ 3.84 ᠳ᠋ᠦᠡᠭᠰᠢᠭᠤᠷ ᠳᠦᠬᠦᠷᠢᠭ ᠲᠤ ᠬᠦᠷᠴᠤ᠂ ᠳᠡᠭᠰᠢᠳᠬᠡᠬᠡᠳ ᠭᠠᠴᠠᠭ᠎ᠠ ᠳᠤᠰᠬᠤᠨ ᠪᠦᠷᠢ 52.25 ᠳᠦᠮᠡᠨ ᠳᠦᠬᠦᠷᠢᠭ ᠲᠤ ᠬᠦᠷᠴᠤ ᠪᠠᠶᠢᠨ᠎ᠠ᠃ ᠤᠨᠴᠠᠭᠠᠢᠢᠯᠠᠨ ᠡᠵᠡᠨ ᠬᠤᠷᠤᠭ᠎ᠠ ᠬᠤᠰᠢᠭᠤ ᠳᠤ ᠬᠠᠮᠳᠤ ᠶᠢᠨ ᠠᠵᠤ ᠠᠬᠤᠢ ᠶᠢᠨ ᠡᠵᠡᠩᠨᠡᠯᠳᠡ ᠶᠢᠨ ᠴᠢᠨᠡᠷᠳᠡᠢ ᠤᠷᠤᠯᠭ᠎ᠠ ᠨᠢ 1000 ᠳᠦᠮᠡᠨ ᠳᠦᠬᠦᠷᠢᠭ ᠢ ᠳᠠᠪᠠᠭᠰᠨ ᠭᠠᠴᠠᠭ᠎ᠠ ᠳᠤᠰᠬᠤᠨ 2᠂ 100 ᠳᠦᠮᠡᠨ ᠳᠦᠬᠦᠷᠢᠭ ᠢ ᠳᠠᠪᠠᠭᠰᠠᠨ ᠭᠠᠴᠠᠭ᠎ᠠ ᠳᠤᠰᠬᠤᠨ 13᠂ 50 — 100 ᠳᠦᠮᠡᠨ ᠳᠦᠬᠦᠷᠢᠭ ᠢ ᠳᠠᠪᠠᠭᠰᠠᠨ ᠭᠠᠴᠠᠭ᠎ᠠ ᠳᠤᠰᠬᠤᠨ 14 ᠪᠤᠢ᠃      ᠬᠠᠮᠳᠤ ᠶᠢᠨ ᠠᠵᠤ ᠠᠬᠤᠢ ᠶᠢᠨ ᠪᠤᠵᠠᠭᠠᠢᠢᠷᠠᠬᠤ ᠶᠢ ᠳᠠᠭᠠᠯᠳᠤᠨ ᠳᠦᠷᠦᠯ ᠵᠦᠢᠯ ᠤᠨ ᠬᠦᠭᠵᠢᠯᠳᠡ ᠶᠢᠨ ᠬᠦᠳᠡᠯᠬᠡᠬᠦ ᠬᠦᠴᠦᠨ ᠬᠦᠢᠴᠡᠳ ᠦᠬᠡᠢ᠂ ᠬᠠᠮᠳᠤ ᠶᠢᠨ ᠠᠵᠤ ᠠᠬᠤᠢ ᠶᠢᠨ ᠤᠷᠤᠯᠭ᠎ᠠ ᠪᠠ ᠮᠠᠯᠴᠢᠨ ᠳᠠᠷᠢᠶᠠᠴᠢᠨ ᠤ ᠠᠰᠢᠬ ᠳᠤᠰᠠ ᠲᠠᠢ ᠤᠶᠠᠯᠳᠤᠭᠤᠯᠬᠤ ᠳᠤᠬᠳᠠᠯᠴᠠᠭ᠎ᠠ ᠪᠦᠷᠢᠨ ᠳᠡᠬᠦᠯᠳᠡᠷ ᠪᠤᠰᠤ᠂ ᠡᠵᠡᠩᠨᠡᠯᠳᠡ ᠬᠠᠮᠢᠶᠠᠷᠤᠯᠳᠡ ᠶᠢᠨ ᠳᠤᠰᠬᠠᠢ ᠮᠡᠷᠬᠡᠵᠢᠯ ᠤᠨ ᠴᠢᠳᠠᠪᠤᠷᠢᠳᠡᠨ ᠴᠦᠬᠡᠨ ᠵᠡᠷᠬᠡ ᠠᠰᠠᠭᠤᠳᠠᠯ ᠢᠯᠡᠷᠡᠭᠰᠡᠨ ᠪᠠᠶᠢᠨ᠎ᠠ᠃                              

      ︽ᠵᠠᠰᠠᠬ ᠤᠨ ᠤᠷᠳᠤᠨ ᠤ ᠠᠵᠢᠯ ᠤᠨ ᠢᠯᠡᠳᠬᠡᠯ︾ ᠳᠤ ᠬᠦᠳᠡᠭᠡ ᠳᠤᠰᠬᠤᠨ ᠤ ᠤᠨᠴᠠᠯᠢᠬᠳᠤ ᠮᠠᠯ ᠳᠠᠷᠢᠶᠠᠯᠠᠩ ᠤᠨ ᠦᠢᠯᠡᠰ ᠢ ᠬᠦᠭᠵᠢᠬᠦᠯᠬᠦ᠂ ᠭᠠᠴᠠᠭ᠎ᠠ

ᠳᠤᠰᠬᠤᠨ ᠤ ᠬᠠᠮᠳᠤ ᠶᠢᠨ ᠠᠵᠤ ᠠᠬᠤᠢ ᠶᠢᠨ ᠦᠷ᠎ᠡ ᠠᠰᠢᠬ ᠢ ᠳᠡᠭᠡᠭᠰᠢᠯᠡᠬᠦᠯᠵᠤ ᠶᠠᠳᠠᠭᠤ ᠬᠦᠴᠢᠷᠳᠡᠯᠳᠡᠢ ᠤᠯᠠᠨ ᠳᠦᠮᠡᠨ ᠢ ᠳᠠᠶᠢᠴᠢᠯᠡᠨ ᠦᠷᠬᠦᠯᠵᠢᠯᠡᠨ

ᠤᠷᠤᠯᠭ᠎ᠠ ᠪᠠᠨ ᠳᠤᠬᠳᠠᠭᠤᠨ ᠢᠶᠠᠷ ᠨᠡᠮᠡᠭᠳᠡᠬᠦᠯᠬᠦ ᠳᠤᠬᠠᠢ ᠳᠤᠳᠤᠷᠬᠠᠢ ᠳᠤᠷᠠᠳᠪᠠ᠃ ᠡᠨᠡ ᠨᠢ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢ

ᠬᠦᠭᠵᠢᠬᠦᠯᠬᠦ ᠳᠤ ᠰᠠᠶᠢᠨ ᠠᠵᠠ ᠳᠤᠬᠢᠶᠠᠯ ᠤᠯᠭᠤᠵᠠᠢ᠃

      ᠡᠬᠦᠨ ᠳᠤ ᠬᠠᠨᠳᠤᠭᠤᠯᠵᠤ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠳᠠᠭᠠᠨ ᠪᠤᠳᠠᠳᠠᠢ ᠳᠤ ᠨᠡᠶᠢᠴᠡᠭᠰᠡᠨ ᠰᠠᠶᠢᠨ ᠳᠦᠷᠦᠯ ᠵᠦᠢᠯ ᠢ

ᠰᠤᠩᠭᠤᠬᠰᠠᠨ ᠤ ᠰᠠᠭᠤᠷᠢᠨ ᠳᠡᠬᠡᠷ᠎ᠡ ᠳᠤᠰᠬᠠᠢ ᠮᠡᠷᠬᠡᠵᠢᠯ ᠤᠨ ᠴᠢᠳᠠᠪᠤᠷᠢᠳᠡᠨ ᠢ ᠤᠷᠢᠵᠤ ᠡᠵᠡᠩᠨᠡᠯᠳᠡ ᠬᠠᠮᠢᠶᠠᠷᠤᠯᠳᠠ ᠪᠠᠨ ᠡᠷᠴᠢᠮᠵᠢᠬᠦᠯᠬᠦ ᠶᠢᠨ ᠬᠠᠮᠳᠤ ᠮᠠᠯᠴᠢᠨ

ᠳᠠᠷᠢᠶᠠᠴᠢᠨ ᠲᠠᠢ ᠠᠰᠢᠬ ᠳᠤᠰᠠ ᠪᠠᠨ ᠵᠤᠯᠭᠠᠭᠤᠯᠬᠤ ᠳᠤᠬᠳᠠᠯᠴᠠᠭ᠎ᠠ ᠶᠢ ᠳᠡᠬᠦᠯᠳᠡᠷᠵᠢᠬᠦᠯᠪᠡᠯ ᠵᠤᠬᠢᠨ᠎ᠠ ᠬᠡᠵᠤ ᠲᠡᠷᠡ ᠦᠵᠡᠵᠤ ᠪᠠᠶᠢᠯ᠎ᠠ᠃

ᠢᠷᠡᠯᠲᠡ᠄ ᠤᠷᠳᠤᠰ ᠮᠤᠩᠭᠤᠯ ᠰᠦᠯᠵᠢᠶ᠎ᠡ