ᠬᠡᠰᠢᠬᠦᠨ ᠠᠷᠢᠭᠤᠨᠭᠤᠸ᠎ᠠ᠄ ᠵᠠᠯᠠᠭᠤ ᠨᠢᠬᠡ ᠦᠶ᠎ᠡ ᠳᠡᠭᠡᠨ ᠠᠮᠠᠨ ᠵᠤᠬᠢᠶᠠᠯ ᠤᠨ ᠦᠪ ᠢᠶᠠᠨ ᠤᠯᠠᠮᠵᠢᠯᠡᠬᠤ ᠴᠢᠬᠤᠯᠠᠳᠠᠢ
ᠨᠡᠶᠢᠲᠡᠯᠡᠭᠰᠡᠨ ᠴᠠᠭ᠄
2020/4/23
      ᠬᠡᠰᠢᠬᠦᠨ ᠠᠷᠢᠭᠤᠨᠭᠤᠸ᠎ᠠ ᠤᠳᠤᠬ ᠤᠨ ᠡᠮᠦᠨᠡᠳᠤ ᠬᠤᠰᠢᠭᠤ ᠠᠴᠠ ᠢᠷᠡᠵᠡᠢ᠃ ᠳᠡᠬᠦᠨ ᠤ ᠦᠵᠡᠬᠦ ᠪᠠᠷ᠂ ᠮᠤᠩᠭᠤᠯ ᠦᠨᠳᠦᠰᠦᠳᠡᠨ ᠤ ᠤᠯᠠᠮᠵᠢᠯᠠᠯᠳᠤ ᠵᠤᠬᠢᠶᠠᠯ ᠤᠷᠠᠯᠢᠬ ᠲᠤ ᠠᠷᠡᠳ ᠤᠨ ᠠᠮᠠᠨ ᠵᠤᠬᠢᠶᠠᠯ᠂ ᠶᠠᠪᠠᠭᠠᠨ ᠦᠯᠢᠬᠡᠷ᠂ ᠳᠤᠮᠤᠬ ᠶᠠᠷᠢᠶ᠎ᠡ᠂ ᠪᠠᠭᠠᠳᠤᠷᠯᠢᠬ ᠳᠤᠤᠯᠢᠰ ᠬᠡᠵᠤ ᠤᠯᠠᠨ ᠰᠲ᠋ᠢᠯᠢ ᠳᠦᠷᠦᠯ ᠪᠠᠭᠳᠠᠵᠤ ᠪᠠᠶᠢᠳᠠᠬ᠃ ᠡᠬᠦᠨ ᠳᠤ ᠠᠷᠡᠳ ᠤᠨ ᠠᠮᠠᠨ ᠵᠤᠬᠢᠶᠠᠯ ᠨᠢ ᠴᠢᠬᠤᠯᠠ ᠪᠦᠷᠢᠯᠳᠦᠬᠦᠨ ᠬᠡᠰᠡᠭ ᠪᠠᠶᠢᠵᠤ ᠳᠡᠬᠦᠨ ᠢ ᠵᠠᠯᠠᠭᠤ ᠨᠢᠬᠡ ᠦᠶ᠎ᠡ ᠶᠢᠨ ᠬᠢᠨ ᠳᠡᠭᠡᠨ ᠰᠠᠶᠢᠳᠤᠷ ᠤᠯᠠᠮᠵᠢᠯᠠᠬᠤ ᠪᠠᠶᠢᠳᠠᠯ ᠳᠤᠯᠭᠠᠮ ᠱᠠᠭᠠᠷᠳᠠᠬᠳᠠᠵᠤ ᠪᠠᠶᠢᠨ᠎ᠠ᠃ ᠵᠠᠯᠠᠭᠤ ᠨᠢᠬᠡ ᠦᠶ᠎ᠡ ᠶᠢᠨ ᠬᠢᠨ ᠡᠳᠡᠬᠡᠷ ᠤᠯᠠᠮᠵᠢᠯᠠᠯᠳᠤ ᠰᠤᠶᠤᠯ ᠢᠶᠠᠨ ᠤᠢᠢᠯᠠᠭᠠᠵᠤ ᠡᠵᠡᠮᠰᠢᠬᠦ ᠨᠢ ᠤᠯᠠᠮ ᠢᠶᠠᠷ ᠴᠦᠬᠡᠷᠡᠵᠤ ᠪᠤᠳᠠᠰ ᠤᠨ ᠪᠤᠰᠤ ᠰᠤᠶᠤᠯ ᠢᠶᠠᠨ ᠠᠪᠤᠷᠡᠨ ᠬᠦᠭᠵᠢᠬᠦᠯᠬᠦ ᠳᠤ ᠠᠰᠢᠬ ᠦᠬᠡᠢ ᠪᠠᠶᠢᠳᠠᠯ ᠢᠯᠡᠷᠡᠵᠤ ᠪᠤᠢ᠃      ᠡᠶᠢᠮᠦᠷᠬᠦᠤ ᠪᠠᠶᠢᠳᠠᠯ ᠳᠤ ᠬᠠᠨᠳᠤᠭᠤᠯᠵᠤ ᠳᠡᠷᠡ ᠳᠤᠤᠷᠡᠬᠢ ᠬᠤᠶᠡᠷ ᠳᠠᠯ᠎ᠠ ᠶᠢᠨ ᠠᠷᠭ᠎ᠠ ᠬᠡᠮᠵᠢᠶ᠎ᠡ ᠳᠤᠷᠠᠳᠴᠠᠢ᠃ ᠨᠢᠬᠡ ᠳᠤ ᠬᠠᠮᠢᠶ᠎ᠠ ᠪᠦᠬᠦᠢ ᠪᠠᠶᠢᠭᠤᠯᠭ᠎ᠠ ᠠᠴᠠ ᠤᠯᠠᠮᠵᠢᠯᠠᠯᠳᠤ ᠳᠡᠦᠬᠡ ᠰᠤᠶᠤᠯ ᠢ ᠬᠦᠭᠵᠢᠬᠦᠯᠬᠦ ᠳᠠᠯ᠎ᠠ ᠪᠠᠷ ᠨᠡᠩ ᠢᠯᠡᠬᠦᠦ ᠬᠦᠮᠦᠨ ᠤ ᠬᠦᠴᠦᠨ ᠪᠤᠳᠠᠰ ᠤᠨ ᠬᠦᠴᠦᠨ ᠪᠡᠯᠡ ᠮᠦᠡᠭᠬᠦᠨ ᠤ ᠬᠦᠴᠦᠨ ᠢ ᠵᠠᠷᠤᠴᠠᠭᠤᠯᠵᠤ ᠳᠤᠰᠬᠠᠢ ᠳᠦᠷᠦᠯ ᠤᠨ ᠠᠵᠢᠯᠯᠠᠭ᠎ᠠ ᠦᠷᠨᠢᠬᠦᠯᠬᠦ ᠴᠢᠬᠤᠯᠠ ᠲᠠᠢ᠃ ᠳᠠᠷᠠᠭ᠎ᠠ ᠨᠢ ᠨᠡᠩ ᠦᠷᠬᠡᠨ ᠳᠡᠯᠬᠡᠷ ᠤᠯᠠᠮᠵᠢᠯᠠᠬᠴᠢ᠂ ᠤᠷᠠᠯᠢᠬᠴᠢ ᠶᠢᠨ ᠡ᠊ᠡᠭᠨᠡᠭᠡ ᠶᠢ ᠬᠦᠮᠦᠵᠢᠬᠦᠯᠵᠤ ᠴᠢᠬᠤᠯᠠ ᠪᠠᠶᠠᠷ ᠳᠤᠷᠠᠰᠬᠠᠯ ᠤᠨ ᠡᠳᠦᠷ ᠲᠤ ᠰᠢᠷᠢᠰ ᠰᠤᠶᠤᠯ ᠤᠨ ᠠᠵᠢᠯᠯᠠᠭ᠎ᠠ ᠶᠠᠪᠤᠬᠳᠠᠭᠤᠯᠵᠤ ᠨᠡᠩ ᠤᠯᠠᠨ ᠵᠠᠯᠠᠭᠤᠴᠤᠳ ᠪᠠᠭᠠᠴᠤᠳ ᠲᠠᠭᠠᠨ ᠦᠨᠳᠦᠰᠦᠳᠡᠨ ᠤ ᠦᠪ ᠰᠤᠶᠤᠯ ᠢᠶᠠᠨ ᠤᠯᠠᠮᠵᠢᠯᠠᠨ ᠬᠦᠭᠵᠢᠬᠦᠯᠪᠡᠯ ᠵᠤᠬᠢᠨ᠎ᠠ ᠬᠡᠵᠤ ᠦᠵᠡᠵᠤ ᠪᠠᠶᠢᠯ᠎ᠠ᠃
ᠢᠷᠡᠯᠲᠡ᠄ ᠤᠷᠳᠤᠰ ᠮᠤᠩᠭᠤᠯ ᠰᠦᠯᠵᠢᠶ᠎ᠡ