ᠤᠶᠤᠨ᠎ᠡ᠄ ᠰᠤᠷᠭᠠᠭᠤᠯᠢ ᠶᠢᠨ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠭᠰᠢ ᠶᠢᠨ ᠡ᠊ᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠢ
ᠨᠡᠶᠢᠲᠡᠯᠡᠭᠰᠡᠨ ᠴᠠᠭ᠄
2020/4/24
       ᠬᠢᠶ᠎ᠡ ᠪᠠᠭᠰᠢ ᠲᠤᠭᠤᠷᠢᠭ ᠤᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠳᠠᠷᠤᠭ᠎ᠠ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠤᠶᠤᠨ᠎ᠡ ᠡᠨᠡ ᠤᠳᠠᠭᠠᠨ ᠤ ︽ᠬᠤᠶᠠᠷ ᠬᠤᠷᠠᠯ︾ ᠳᠡᠭᠡᠷ ᠎ᠡ ᠮᠠᠨ ᠤ ᠬᠤᠲᠠ ᠶᠢᠨ ᠰᠤᠷᠭᠠᠭᠤᠯᠢ ᠶᠢᠨ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠭᠰᠢ ᠶᠢᠨ ᠡ᠊ᠩᠨᠡᠭᠡᠨ ᠤ ᠪᠠᠶᠢᠭᠤᠯᠤᠯᠲᠠ ᠶᠢᠨ ᠲᠤᠬᠠᠶ ᠰᠠᠨᠠᠯ ᠳᠤᠷᠠᠳᠤᠯᠭ᠎ᠠ ᠳᠡᠪᠰᠢᠬᠦᠯᠦᠭᠰᠡᠨ ᠪᠠᠶᠢᠨ᠎ᠡ᠃

          ᠲᠡᠷᠡ᠄ ︽ᠤᠳᠦᠬᠠᠨ ᠳᠤ᠂ ᠮᠠᠨ ᠤ ᠬᠤᠲᠠ ᠶᠢᠨ ᠰᠤᠷᠭᠠᠭᠤᠯᠢ ᠶᠢᠨ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠭᠰᠢ ᠶᠢᠨ ᠡ᠊ᠩᠨᠡᠭᠡᠨ ᠤ

ᠪᠠᠶᠢᠭᠤᠯᠤᠯᠲᠠ ᠨᠢ ᠬᠡᠦᠬᠡᠳ ᠤᠨ ᠴᠡᠴᠡᠷᠯᠢᠭ ᠤᠨ ᠳᠣᠲᠣᠭᠠᠳᠤ ᠬᠥᠭᠵᠢᠯᠲᠡ ᠶᠢᠨ ᠱᠠᠲᠤᠨ ᠳᠤ ᠵᠣᠭᠰᠣᠩᠭᠢᠷᠠᠵᠤ᠂ ᠰᠢᠰᠲ᠋ᠧᠮ ᠦᠭᠡᠢ ᠪᠠᠶᠢᠨ᠎ᠠ᠃ ᠡᠶᠢᠮᠦ ᠠᠴᠠ

ᠪᠢᠳᠠ ᠰᠤᠷᠭᠠᠭᠤᠯᠢ ᠶᠢᠨ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠵᠠᠭᠪᠤᠷ ᠢ

ᠰᠢᠯᠢᠳᠡᠭᠵᠢᠭᠦᠯᠵᠦ᠂ ᠢᠷᠡᠭᠡᠳᠦᠶ ᠶᠢᠨ ᠪᠠᠭᠰᠢ ᠶᠢ ᠨᠥᠭᠡᠴᠡᠯᠡᠬᠦ ᠪᠠ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠪᠠᠭᠰᠢ ᠶᠢᠨ ᠴᠢᠨᠠᠷ ᠴᠢᠨᠰᠠᠭ᠎ᠠ ᠶᠢ

ᠪᠠᠲᠤᠯᠠᠭᠰᠠᠨ ᠤ ᠰᠠᠭᠤᠷᠢᠨ ᠳᠡᠭᠡᠷ᠎ᠡ᠂ ᠪᠠᠭᠰᠢ ᠶᠢᠨ ᠲᠤᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ

ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠴᠢᠬᠤᠯᠠᠳᠠᠢ᠃ ᠬᠡᠦᠭᠡᠳ ᠤᠨ ᠴᠡᠴᠡᠷᠯᠢᠭ ᠤᠨ ᠪᠠᠭᠰᠢ ᠶᠢᠨ ᠲᠤᠰᠬᠠᠶ ᠮᠡᠷᠭᠡᠵᠢᠯ ᠤᠨ ᠬᠥᠭᠵᠢᠯᠲᠡ ᠶᠢᠨ

ᠬᠦᠷᠢᠶᠡᠯᠡᠩ ᠢ ᠰᠦᠪᠡᠭᠴᠢᠯᠡᠨ ᠪᠠᠶᠢᠭᠤᠯᠵᠤ᠂ ᠭᠠᠷᠮᠠᠭᠠᠶ ᠪᠠᠭᠰᠢ ᠶᠢ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ᠂ ᠨᠢᠭᠡ ᠪᠦᠯᠦᠭ ᠨᠡᠯᠢᠶᠡᠳ ᠥᠨᠳᠥᠷ ᠨᠡᠷ᠎ᠡ

ᠬᠦᠨᠳᠦᠲᠠᠶ ᠰᠤᠷᠭᠠᠭᠤᠯᠢ ᠶᠢᠨ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ ᠰᠤᠳᠤᠯᠭᠠᠨ ᠤ ᠲᠤᠰᠬᠠᠶ ᠮᠡᠷᠭᠡᠵᠢᠯᠲᠡᠨ᠂ ᠨᠠᠷᠠᠲᠤ ᠴᠡᠴᠡᠷᠯᠢᠭ ᠤᠨ ᠳᠠᠷᠤᠭ᠎ᠠ᠂

ᠭᠤᠤᠯᠯᠠᠭᠴᠢ ᠪᠠᠭᠰᠢ ᠪᠠ ᠰᠤᠷᠭᠠᠨ ᠬᠥᠮᠦᠵᠢᠯ ᠤᠨ ᠰᠢᠨ᠎ᠡ ᠬᠦᠴᠦᠨ ᠢ ᠬᠥᠮᠦᠵᠢᠭᠦᠯᠵᠦ᠂ ᠰᠤᠷᠭᠠᠭᠤᠯᠢ ᠶᠢᠨ ᠨᠠᠰᠦᠨ ᠠᠴᠠ ᠡᠮᠦᠨᠡᠬᠢ ᠰᠤᠷᠭᠠᠨ ᠬᠦᠮᠦᠵᠢᠯ ᠤᠨ

ᠪᠠᠭᠰᠢ ᠶᠢᠨ ᠡ᠊ᠩᠨᠡᠭᠡᠨ ᠤ ᠬᠥᠭᠵᠢᠯᠲᠡ ᠶᠢᠨ ᠵᠢᠮ᠎ᠡ ᠶᠣᠰᠣ ᠪᠠ ᠴᠢᠭᠯᠡᠯ ᠢ ᠨᠠᠷᠢᠨ ᠬᠢᠨᠠᠮᠠᠭᠠᠢ ᠰᠡᠳᠬᠢᠨ ᠰᠦᠪᠡᠭᠴᠢᠯᠡᠬᠦ ᠴᠢᠬᠤᠯᠠᠳᠠᠢ ᠪᠠᠶᠢᠨ᠎ᠠ︾ ᠭᠡᠵᠦ ᠶᠡᠷᠢᠯ ᠎ᠡ᠃

ᠢᠷᠡᠯᠲᠡ᠄ ᠤᠷᠳᠤᠰ ᠮᠤᠩᠭᠤᠯ ᠰᠦᠯᠵᠢᠶ᠎ᠡ