ᠳᠦᠯᠦᠬᠡᠯᠡᠭᠴᠢ ᠠᠷᠢᠭᠤᠨ᠎ᠠ ᠪᠤᠯ ᠬᠠᠩᠬᠢᠨ ᠬᠤᠰᠢᠭᠤᠨ ᠤ ᠳᠠᠷᠢᠶᠠᠨᠭᠤᠤᠯ ᠤᠨ ᠬᠠᠮᠢᠶᠠᠷᠤᠯᠳᠠ ᠶᠢᠨ | ᠵᠦᠪᠯᠡᠯ ᠠᠴᠠ ᠢᠷᠡᠭᠰᠡᠡ ᠺᠠᠳ᠋ᠷ ᠶᠤᠮ᠃ ᠳᠡᠷᠡ ᠤᠷᠳᠤᠰ ᠬᠤᠳᠠ ᠶᠢᠨ ᠳᠦᠷᠪᠡᠳᠦᠬᠡᠷ ᠬᠤᠭᠤᠴᠠᠭᠠᠠ ᠤ | ᠠᠷᠠᠳ ᠤᠨᠲ᠋ᠦ᠋ᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠤ ︽ | ᠳᠠᠷᠢᠶᠠᠨᠭᠤᠤᠯ ᠤᠨ ᠬᠠᠮᠢᠶᠡᠷᠤᠯᠳᠠ ᠶᠢᠨ ᠵᠦᠪᠯᠡᠯ ᠳᠤ ᠰᠢᠶᠠᠩ ᠪᠠᠶᠢᠭᠤᠯᠬᠤ ᠳᠤᠬᠠᠢ ᠰᠠᠨᠠᠯ︾ ᠬᠡᠬᠦ ᠰᠠᠨᠠᠭᠤᠯᠭ᠎ᠠ ᠪᠠᠨ | ᠳᠡᠪᠰᠢᠬᠦᠯᠵᠠᠢ᠃ ᠳᠦᠯᠦᠬᠡᠯᠡᠭᠴᠢ ᠠᠷᠢᠭᠤᠨ᠎ᠠ ᠶᠢᠨ ᠬᠡᠯᠡᠬᠦ ᠪᠠᠷ᠂ ᠬᠠᠩᠬᠢᠨ ᠬᠤᠰᠢᠭᠤᠨ ᠤ ᠳᠠᠷᠢᠶᠠᠨᠭᠤᠤᠯ ᠤᠷᠤᠨ ᠨᠢ | ᠰᠤᠮᠤ ᠰᠢᠶᠠᠩ ᠪᠠᠯᠭᠠᠰᠤ ᠶᠢ ᠴᠤᠮᠬᠠᠳᠬᠠᠬᠤ ᠶᠠᠪᠤᠴᠠ ᠳᠤ ᠳᠤᠭᠤᠢᠢᠳᠠᠯᠠ ᠪᠠᠯᠭᠠᠰᠤ ᠳᠤ ᠬᠠᠷᠢᠶᠠᠯᠠᠭᠳᠠᠵᠠᠢ᠃ | 2011 ᠤᠨ ᠳᠤ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠶᠢᠨ ᠱᠠᠭᠠᠷᠳᠠᠯᠭ᠎ᠠ ᠠᠴᠠ ᠪᠤᠯᠵᠦ 4 | ᠭᠠᠴᠠᠭ᠎ᠠ ᠳᠤᠰᠬᠤᠨ᠂ 1 ᠨᠡᠶᠢᠬᠡᠮ ᠳᠤᠭᠤᠷᠢᠭ᠂ 1.2 ᠳᠦᠮᠡᠡ ᠬᠦᠮᠦᠨ ᠠᠮᠠ ᠲᠠᠢ ᠳᠠᠷᠢᠶᠠᠨᠭᠤᠤᠯ ᠤᠨ | ᠬᠠᠮᠢᠶᠠᠷᠤᠯᠳᠠ ᠶᠢᠨ ᠵᠦᠪᠯᠡᠯ ᠢ ᠪᠠᠶᠢᠭᠤᠯᠤᠬᠰᠠᠠ ᠪᠠᠶᠢᠨ᠎ᠠ᠃ ᠵᠠᠰᠠᠭ ᠵᠠᠬᠢᠷᠭᠠᠠ ᠤ ᠬᠠᠮᠢᠶᠠᠷᠤᠯᠳᠠ ᠶᠢᠨ ᠬᠡᠳᠦ | ᠤᠳᠠᠭᠠᠠ ᠤ ᠤᠯᠠᠷᠢᠯ ᠰᠤᠯᠢᠬᠳᠠᠯ ᠠᠴᠠ ᠰᠢᠯᠳᠠᠭᠠᠯᠠᠵᠦ᠂ ᠡ᠊ᠨᠳᠡᠬᠢ ᠬᠦᠮᠦᠨ ᠠᠷᠠᠳ ᠤᠨ ᠪᠡᠶ᠎ᠡ ᠶᠢᠨ ᠦᠨᠡᠮᠯᠡᠯ ᠨᠢ | ᠬᠡᠳᠦᠨ ᠶᠠᠩᠵᠤ ᠪᠤᠯᠵᠦ ᠬᠤᠪᠢᠷᠠᠵᠠᠢ᠃ ᠡᠨᠡ ᠨᠢ ᠳᠤᠬᠠᠢ ᠶᠢᠨ ᠭᠠᠵᠠᠷ ᠤᠨ ᠬᠦᠮᠦᠰ ᠲᠤ ᠤᠯᠠᠠ ᠵᠦᠢᠯ ᠤᠨ ᠬᠦᠴᠢᠷ | ᠳᠦᠪᠡᠭ ᠢ ᠠᠪᠴᠢᠷᠠᠭᠰᠠᠠ ᠪᠠᠶᠢᠨ᠎ᠠ᠃ ᠳᠦᠯᠦᠬᠡᠯᠡᠭᠴᠢ ᠠᠷᠢᠭᠤᠨ᠎ᠠ ᠶᠡᠭᠡ ᠰᠤᠷᠭᠠᠭᠤᠯᠢ ᠳᠤ ᠡᠯᠰᠡᠭᠳᠡᠭᠰᠡᠡ ᠶᠠᠳᠠᠭᠤ | ᠬᠦᠴᠢᠷᠳᠡᠯᠳᠠᠢ ᠤᠶᠤᠳᠠᠠ ᠢᠶᠠᠷ ᠵᠢᠱᠢᠶᠡᠯᠡᠪᠡ᠃ ᠶᠠᠳᠠᠭᠤ ᠬᠦᠴᠢᠷᠳᠡᠯᠳᠠᠢ ᠤᠶᠤᠳᠠᠠ ᠡᠯᠰᠡᠭᠳᠡᠭᠰᠡᠡ ᠰᠤᠷᠭᠠᠭᠤᠯᠢ ᠶᠢᠨ | ᠳᠡᠳᠬᠦᠮᠵᠢ ᠬᠠᠪᠰᠤᠷᠤᠯᠭ᠎ᠠ ᠶᠢ ᠬᠦᠷᠳᠡᠬᠦ ᠳᠤ ᠶᠠᠭᠤᠨ ᠤ ᠤᠷᠢᠳ ᠤᠷᠤᠨ ᠨᠤᠳᠤᠭ ᠤᠨ ᠵᠠᠰᠠᠭ ᠤᠨ ᠤᠷᠳᠤᠨ ᠠᠴᠠ | ᠬᠡᠷᠡᠴᠢᠯᠡᠭᠰᠡᠡ ᠳᠠᠨᠢᠯᠴᠠᠭᠤᠯᠭ᠎ᠠ ᠶᠢᠨ ᠪᠢᠴᠢᠭ ᠱᠠᠭᠠᠷᠳᠠᠭᠳᠠᠳᠠᠭ᠃ ᠢᠩᠬᠢᠬᠦ ᠳᠤ ᠬᠦᠮᠦᠨ ᠪᠤᠯᠤᠨ ᠳᠠᠮᠠᠭ᠎ᠠ | ᠵᠤᠬᠢᠴᠠᠯᠳᠤᠬᠤ ᠦᠬᠡᠢ ᠤᠴᠢᠷ ᠭᠠᠷᠴᠤ᠂ ᠶᠠᠳᠠᠭᠤ ᠬᠦᠴᠢᠷᠳᠡᠯᠳᠡᠢ ᠤᠶᠤᠳᠠᠠ ᠢ ᠤᠯᠠᠠ ᠭᠠᠵᠠᠷ ᠢᠶᠠᠷ ᠳᠠᠬᠢᠨ | ᠳᠠᠪᠳᠠᠠ ᠬᠦᠶᠦᠯᠬᠡᠳᠡᠭ᠃ ᠡᠶᠢᠮᠦᠷᠬᠦ ᠵᠢᠱᠢᠶ᠎ᠡ ᠤᠯᠠᠠ ᠪᠤᠢ᠃ ᠳᠤᠬᠠᠢᠢᠯᠠᠪᠠᠯ᠂ ᠮᠠᠯᠴᠢᠨ ᠳᠠᠷᠢᠶᠠᠴᠢᠳ ᠮᠠᠯ | ᠳᠠᠷᠢᠶᠠᠯᠠᠩ ᠦᠢᠯᠡᠳᠪᠦᠷᠢᠯᠡᠯ ᠤᠨ ᠳᠦᠷᠦᠯ ᠵᠦᠢᠯ ᠭᠤᠶᠤᠪᠴᠢᠯᠠᠬᠤ᠂ ᠡᠯ᠎ᠡ ᠵᠦᠢᠯ ᠤᠨ ᠨᠦᠬᠦᠪᠦᠷᠢ ᠮᠦᠩᠬᠦ | ᠬᠦᠷᠳᠡᠬᠦ ᠵᠡᠷᠬᠡ ᠳᠤ ᠪᠦᠷ ᠶᠠᠷᠰᠢᠭ ᠳᠦᠪᠡᠭᠳᠠᠢ ᠤᠴᠢᠷ ᠲᠤ ᠳᠤᠬᠢᠶᠠᠯᠳᠤᠳᠠᠭ ᠬᠡᠨ᠎ᠡ᠃ | ᠳᠠᠷᠢᠶᠠᠨᠭᠤᠤᠯ ᠤᠨ ᠬᠠᠮᠢᠶᠠᠷᠤᠯᠳᠠ ᠶᠢᠨ ᠵᠦᠪᠯᠡᠯ ᠪᠤᠯ ᠬᠠᠩᠬᠢᠨ ᠬᠤᠰᠢᠭᠤᠨ ᠤ ᠠᠵᠤ ᠦᠢᠯᠡᠳᠪᠦᠷᠢ ᠶᠢᠨ | ᠠᠵᠤ ᠠᠬᠤᠢ ᠶᠢᠨ ᠴᠢᠬᠤᠯᠠ ᠰᠠᠭᠤᠷᠢᠨ ᠪᠤᠯᠤᠨ᠎ᠠ᠃ ᠡᠶᠢᠮᠦ ᠠᠴᠠ ᠮᠠᠯᠴᠢᠨ ᠳᠠᠷᠢᠶᠠᠴᠢᠨ ᠤ ᠠᠵᠤ ᠤᠨᠳᠤᠷᠤᠯᠭ᠎ᠠ᠂ | ᠬᠤᠰᠢᠭᠤ ᠨᠤᠳᠤᠭ ᠤᠨ ᠠᠵᠤ ᠠᠬᠤᠢ ᠶᠢᠨ ᠬᠦᠭᠵᠢᠯᠳᠡ ᠶᠢᠨ ᠪᠦᠬᠦ ᠳᠠᠯ᠎ᠠ ᠠᠴᠠ ᠠᠪᠴᠤ ᠦᠵᠡᠪᠡᠯ | ᠳᠠᠷᠢᠶᠠᠨᠭᠤᠤᠯ ᠤᠨ ᠬᠠᠮᠢᠶᠠᠷᠤᠯᠳᠠ ᠶᠢᠨ ᠵᠦᠪᠯᠠᠯ ᠳᠤ ᠰᠢᠶᠠᠩ ᠪᠠᠶᠢᠭᠤᠯᠬᠤ ᠨᠢ ᠪᠦᠷ ᠠᠯᠤᠰ ᠬᠡᠳᠦ ᠶᠢᠨ ᠠᠴᠢ | ᠬᠤᠯᠪᠤᠭᠳᠠᠯ ᠲᠠᠢ ᠶᠤᠮ᠃ ᠳᠦᠯᠦᠬᠡᠯᠡᠭᠴᠢ ᠠᠷᠢᠭᠤᠨ᠎ᠠ᠄ ︽ᠦᠨᠡᠡ ᠢ ᠬᠡᠯᠡᠬᠦ ᠳᠤ ᠳᠠᠷᠢᠶᠠᠨᠭᠤᠤᠯ ᠤᠨ | ᠬᠠᠮᠢᠶᠠᠷᠤᠯᠳᠠ ᠶᠢᠨ ᠵᠦᠪᠯᠡᠯ ᠳᠤ ᠰᠢᠶᠠᠩ ᠪᠠᠶᠢᠭᠤᠯᠬᠤ ᠶᠠᠪᠤᠳᠠᠯ ᠳᠤ ᠬᠠᠩᠬᠢᠨ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠠᠯᠢ ᠡᠷᠳᠡ 2014 ᠤᠨ ᠠᠴᠠ ᠡᠬᠢᠯᠡᠡ ᠭᠤᠶᠤᠪᠴᠢᠯᠠᠯᠳᠠ ᠳᠡᠪᠰᠢᠬᠦᠯᠵᠡᠢ᠃ ᠬᠡᠪᠡᠴᠦ | ᠤᠳᠤ ᠪᠤᠯᠳᠠᠯ᠎ᠠ ᠦᠷ᠎ᠡ ᠳ᠋ᠦᠩ ᠦᠬᠡᠢ ᠪᠠᠶᠢᠬᠰᠠᠭᠠᠷ᠃ ᠨᠢᠬᠡ ᠱᠠᠳᠤᠨ ᠤ ᠵᠠᠰᠠᠭ ᠵᠠᠬᠢᠷᠭᠠᠠ ᠤ ᠪᠠᠶᠢᠭᠤᠯᠭ᠎ᠠ | ᠭᠠᠷᠭᠠᠨ᠎ᠠ ᠬᠡᠳᠡᠭ ᠨᠢ ᠬᠢᠯᠪᠠᠷ ᠤᠴᠢᠷ ᠪᠢᠰᠢ ᠳᠤᠯᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ᠂ | ᠴᠢᠨᠠᠭᠰᠢᠯᠠᠪᠠᠯ ᠳᠡᠬᠡᠳᠦ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠦᠴᠦᠳᠠᠢ ᠳᠡᠮᠵᠢᠯᠬᠡ | ᠦᠵᠡᠬᠦᠯᠬᠦ ᠶᠢ ᠬᠦᠰᠡᠵᠦ ᠪᠠᠶᠢᠨ᠎ᠠ︾ ᠬᠡᠯ᠎ᠠ᠃ ᠢ᠊ ᠤᠯ ᠰᠦᠯᠢᠶᠠ | | |