ᠳᠠᠯᠠᠳ ᠬᠤᠰᠢᠭᠤᠨ ᠤ ᠨᠠᠮ ᠤᠨ ᠬᠤᠷᠢᠶᠠᠨ ᠱᠦᠵᠢ ᠴᠤᠤᠷᠢᠶ᠎ᠠ ᠳᠡᠭᠡᠷ᠎ᠡ ᠨᠤᠳᠤᠭ ᠤᠨ ᠭᠠᠷᠤᠯᠳᠠ ᠪᠠᠨ ᠬᠤᠳᠠᠯᠳᠤᠭᠠᠳ86 ᠲᠦᠮᠡᠨ ᠲᠦᠭᠦᠷᠢᠭ ᠤᠨ ᠪᠤᠷᠤᠯᠠᠭᠤᠯᠭ᠎ᠠ ᠬᠢᠯ᠎ᠡ
ᠨᠡᠶᠢᠲᠡᠯᠡᠭᠰᠡᠨ ᠴᠠᠭ᠄
2020/4/27
      4 ᠰᠠᠷ᠎ᠠ ᠶᠢᠨ 26 ᠤ ᠡᠳᠦᠷ ᠤᠨ ᠤᠷᠤᠢ᠂ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ ᠲᠦᠷᠦᠭᠦᠯᠡᠨ ᠪᠠᠷᠠᠭ᠎ᠠ ᠲᠠᠸᠠᠷ  ᠢᠶᠠᠨ ᠠᠪᠴᠦ ᠰᠢᠭᠤᠳ ᠨᠡᠪᠳᠡᠷᠡᠭᠦᠯᠭᠡ ᠳᠤ ᠤᠷᠤᠯᠴᠠᠵᠦ᠂ ᠨᠤᠳᠤᠭ ᠤᠨ ᠢᠶᠠᠨ ᠤᠨᠴᠠ ᠭᠠᠷᠤᠯᠳᠠ ᠶᠢ ᠪᠤᠷᠤᠯᠠᠭᠤᠯᠵᠠᠢ᠃ ᠴᠢ᠊᠂ ᠳᠠᠯᠠᠨᠳᠠᠢ ᠰᠢᠭᠤᠳ ᠨᠡᠪᠳᠡᠷᠡᠭᠦᠯᠬᠦ ᠳᠠᠰᠤᠭ ᠲᠤ ᠬᠤᠨᠢᠨ ᠮᠢᠬ᠎ᠠ ᠪᠠᠨ ᠴᠢᠨᠠᠵᠦ᠂ 3 ᠴᠠᠭ ᠤᠨ ᠰᠢᠭᠤᠳ ᠨᠡᠪᠳᠡᠷᠡᠭᠦᠯᠭᠡ ᠬᠢᠬᠡᠳ ᠨᠡᠶᠢᠳᠡ180 ᠲᠦᠮᠡᠨ ᠰᠦᠯᠵᠢᠶᠠᠨ ᠠᠨᠳᠠ ᠨᠠᠷ ᠬᠦᠷᠢᠶᠡᠯᠡᠨ ᠦᠵᠡᠵᠦ᠂ 86 ᠲᠦᠮᠡ ᠭᠠᠷᠤᠢ ᠲᠦᠭᠦᠷᠢᠭ ᠤᠨ ᠠᠷᠠᠯᠵᠢᠶ᠎ᠠ ᠪᠦᠳᠦᠭᠡᠭᠰᠡᠨ ᠪᠠᠶᠢᠨ᠎ᠠ᠃

          ᠳᠠᠯᠠᠳ ᠬᠤᠰᠢᠭᠤ ᠬᠠᠳᠤᠨ ᠭᠤᠤᠯ ᠤᠨ几 ᠦᠰᠦᠭ ᠤᠨ ᠤᠷᠤᠨ ᠪᠦᠰᠡ ᠶᠢᠨ ᠨᠡᠷᠡᠳᠦ ᠳᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂

ᠤᠳᠤ ᠨᠢᠭᠡᠨᠳᠡ ᠰᠤᠩᠭᠤᠭᠳᠠᠭᠰᠠᠨ ᠦᠢᠯᠡᠳᠭᠦᠨ ᠨᠢ78 ᠵᠦᠢᠯ ᠳᠤ ᠬᠦᠷᠴᠡᠢ᠃ ᠡᠳᠡᠭᠡᠷ ᠦᠢᠯᠡᠳᠭᠦᠨ ᠢ ᠴᠦᠮ ᠱᠠᠳᠤ ᠱᠠᠳᠤ ᠪᠠᠷ ᠰᠢᠯᠭᠠᠨ ᠪᠠᠶᠢᠴᠠᠭᠠᠬᠤ ᠪᠠᠷ

ᠳᠠᠮᠵᠢᠨ ᠰᠤᠩᠭᠤᠨ ᠭᠠᠷᠭᠠᠵᠦ᠂ ᠡᠬᠢ ᠰᠤᠷᠪᠤᠯᠵᠢ ᠶᠢ ᠨᠢ ᠡᠷᠢᠬᠦ ᠰᠢᠰᠲ᠋ᠧᠮ ᠲᠠᠢ᠃ ᠬᠠᠳᠤᠨ‌ᠭᠤᠤᠯ ᠤᠨ几 ᠦᠰᠦᠭ ᠤᠨ ᠤᠷᠤᠨ ᠪᠦᠰᠡ ᠶᠢᠨ ᠨᠡᠶᠢᠳᠡ ᠶᠢᠨ

ᠬᠡᠷᠡᠭᠯᠡᠭᠡᠨ ᠤ ᠨᠡᠷᠡᠳᠦ ᠳᠡᠮᠳᠡᠭ ᠤᠨ ᠲᠠᠷᠢᠶᠠᠯᠠᠩ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠭᠡᠭᠳᠡᠭᠦᠨ ᠤ ᠶᠠᠰᠤ ᠴᠢᠨᠠᠷ ᠨᠢ ᠰᠢᠯᠢᠳᠡᠭ᠂ ᠠᠮᠳᠠ ᠨᠢ ᠰᠠᠶᠢᠬᠠᠨ

ᠪᠠᠶᠢᠳᠠᠭ᠃  

         

ᠢᠷᠡᠯᠲᠡ᠄ ᠲᠣᠲᠣᠷᠬᠠᠢ ᠦᠭᠡᠢ