2020 ᠣᠨ ᠤ ︽ᠤᠯᠤᠰ ᠤᠨ ᠨᠢᠭᠡᠳᠦᠯᠳᠡᠢ ᠰᠢᠯᠭᠠᠯᠲᠠ︾ ᠶᠢ ᠨᠢᠭᠡ ᠰᠠᠷ᠎ᠠ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020/4/3
      ᠰᠢᠯᠭᠠᠬᠤ ᠴᠠᠭ᠄ 7 ᠰᠠᠷ᠎ᠠ ᠶᠢᠨ 7 ᠠᠴᠠ 8 ᠤ ᠡᠳᠦᠷ ᠪᠤᠯᠳᠠᠯ᠎ᠠ       3 ᠰᠠᠷ᠎ᠠ ᠶᠢᠨ 31 ᠤ ᠡᠳᠦᠷ᠂ ᠰᠤᠷᠭᠠᠨ ᠬᠥᠮᠦᠵᠢᠯ ᠤᠨ ᠶᠠᠮᠤᠨ ︽2020 ᠣᠨ ᠤ ᠪᠥᠬᠦ ᠤᠯᠤᠰ ‍ᠤᠨ‌‍ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ ᠶᠢᠨ ᠲᠤᠬᠠᠶ ᠠᠯᠪᠠᠨ ᠵᠠᠷᠯᠠᠯ︾ ᠢ ᠨᠡᠶᠢᠲᠡᠯᠡᠪᠡ᠃       ᠠᠯᠪᠠᠨ ᠵᠠᠷᠯᠠᠯ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ 2020 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ︵ᠳᠣᠷᠣᠭᠰᠢ ︽ᠤᠯᠤᠰ ᠤᠨ ᠨᠢᠭᠡᠳᠦᠯᠳᠡᠢ ᠰᠢᠯᠭᠠᠯᠲᠠ︾ ᠭᠡᠵᠦ ᠲᠦᠭᠦᠮᠴᠢᠯᠡᠨ᠎ᠠ︶ ᠶᠢ ᠨᠢᠭᠡ ᠰᠠᠷ᠎ᠠ ᠬᠤᠶᠢᠰᠢᠯᠠᠭᠤᠯᠤᠨ ᠶᠠᠪᠤᠭᠳᠠᠭᠤᠯᠬᠤ ᠪᠠᠷ ᠪᠤᠯᠪᠠ᠂ ᠰᠢᠯᠭᠠᠯᠲᠠ ᠶᠢᠨ ᠴᠠᠭ ᠨᠢ 7 ᠰᠠᠷ᠎ᠠ ᠶᠢᠨ 7 ᠤ ᠡᠳᠦᠷ ᠪᠠ 8 ᠤ ᠡᠳᠦᠷ ᠪᠣᠯᠤᠨ᠎ᠠ᠃       ᠪᠣᠳᠠᠲᠠᠶ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠲᠤᠬᠢᠷᠠᠭᠤᠯᠤᠯᠳᠠ᠄       7 ᠰᠠᠷ᠎ᠠ ᠶᠢᠨ 7 ᠤ ᠡᠳᠦᠷ᠄       ᠬᠡᠯᠡ ᠪᠢᠴᠢᠭ 9᠄ 00 — 11᠄ 30       ᠲᠣᠭᠠᠨ ᠤ ᠤᠬᠠᠭᠠᠨ 15᠄ 00 — 17᠄ 00       7 ᠰᠠᠷ᠎ᠠ ᠶᠢᠨ 8 ᠤ ᠡᠳᠦᠷ᠄       ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ᠄       9᠄ 00 — 11᠄ 30       ᠭᠠᠳᠠᠭᠠᠳᠤ ᠬᠡᠯᠡ 15᠄ 00 — 17᠄ 00       ᠬᠤᠪᠸᠢ ᠮᠤᠵᠢ᠂ ᠪᠡᠭᠡᠵᠢᠩ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ ᠲᠣᠰ ᠭᠠᠵᠠᠷ ᠣᠷᠣᠨ ᠤ ᠪᠠᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠴᠠᠭ ᠢ ᠲᠤᠬᠢᠷᠠᠭᠤᠯᠬᠤ ᠰᠠᠨᠠᠯ ᠢ ᠰᠤᠳᠤᠯᠤᠨ ᠳᠤᠷᠠᠳᠴᠤ ᠰᠤᠷᠭᠠᠨ ᠬᠥᠮᠦᠵᠢᠯ ᠤᠨ ᠶᠠᠮᠤᠨ ᠲᠠᠢ ᠵᠥᠪᠳᠡᠯᠴᠡᠵᠦ ᠵᠥᠪᠰᠢᠶᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠭᠡᠮ ᠳᠤ ᠨᠡᠶᠢᠳᠡᠯᠡᠨ᠎ᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ  ᠤ ᠰᠥᠯᠵᠢᠶ᠎ᠡ