ᠰᠡᠴᠡᠨᠪᠢᠯᠢᠭ ᠳᠠᠯᠠᠳ ᠬᠤᠰᠢᠭᠤᠨ ᠳᠤ ᠬᠦᠷᠴᠤ ᠪᠠᠷᠠᠭᠤᠨ ᠯᠢᠤ ᠭᠸᠤ ᠶᠢᠨ ᠰᠠᠪᠠ ᠭᠠᠵᠠᠷ ᠤᠨ ᠶᠡᠷᠦᠩᠭᠡᠶᠢᠯᠡᠭᠰᠡᠨ ᠵᠠᠰᠠᠯᠳᠠ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2020/5/11
     5 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠰᠡᠴᠡᠨᠪᠢᠯᠢᠭ ᠳᠠᠯᠠᠳ ᠬᠤᠰᠢᠭᠤᠨ ᠳᠤ ᠬᠦᠨᠵᠡᠭᠡᠶᠢᠷᠡᠨ ᠪᠠᠷᠠᠭᠤᠨ ᠯᠢᠤ ᠭᠸᠤ ᠶᠢᠨ ᠰᠠᠪᠠ ᠭᠠᠵᠠᠷ ᠤᠨ ᠶᠡᠷᠦᠩᠭᠡᠶᠢᠯᠡᠭᠰᠡᠨ ᠵᠠᠰᠠᠯᠳᠠ ᠶᠢᠨ ᠳᠠᠭᠤᠷᠢᠶᠠᠯ ᠦᠵᠡᠬᠦᠯᠬᠦ ᠳᠦᠷᠤᠯ ᠵᠦᠢᠯ ᠢ ᠭᠡᠷᠡᠭᠵᠢᠬᠦᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠤ᠂ ᠳᠠᠭᠤᠷᠢᠶᠠᠯ ᠦᠵᠡᠬᠦᠯᠬᠦ ᠳᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠶᠢ ᠳᠦᠷᠭᠡᠨ ᠠᠬᠢᠭᠤᠯᠤᠨ᠂ ᠠᠮᠢ ᠠᠬᠤᠢ ᠶᠢᠨ ᠵᠠᠰᠠᠯᠳᠠ᠂ ᠠᠵᠤ ᠤᠢᠢᠯᠡᠰ ᠤᠨ ᠬᠦᠭᠵᠢᠯᠳᠡ ᠪᠠ ᠮᠠᠯᠴᠢᠨ ᠳᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠰᠢᠰᠲ᠋ᠧᠮ ᠲᠠᠢ ᠳᠦᠰᠤᠪᠯᠡᠨ ᠨᠢᠭᠡᠳᠤᠯᠳᠡᠢ ᠠᠬᠢᠭᠤᠯᠵᠤ᠂ ᠠᠮᠢ ᠠᠬᠤᠢ ᠶᠢᠨ ᠰᠠᠶᠢᠵᠢᠷᠠᠯᠳᠠ᠂ ᠤᠢᠢᠯᠡᠳᠪᠤᠷᠢᠯᠡᠯ ᠤᠨ ᠬᠦᠭᠵᠢᠯᠳᠡ᠂ ᠠᠮᠢᠳᠤᠷᠠᠯ ᠤᠨ ᠪᠠᠶᠠᠯᠢᠬᠵᠢᠯ ᠢ ᠤᠷᠭᠠᠨᠢᠭ ᠢᠶᠠᠷ ᠨᠢᠭᠡᠳᠤᠬᠦᠯᠬᠦ ᠶᠢ ᠪᠡᠶᠡᠯᠡᠬᠦᠯᠬᠦ ᠭᠡᠷᠡᠭᠳᠡᠢ ᠭᠡᠵᠤ ᠴᠢᠬᠤᠯᠠᠴᠢᠯᠠᠬᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠭᠤᠤ ᠬᠤᠸᠠᠢ ᠵᠢᠩ᠂ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠬᠤᠸᠠᠩ ᠵᠢᠶᠠᠨ ᠵᠢᠶᠦ᠋ᠨ ᠵᠢᠴᠢ ᠬᠤᠳᠠ᠂ ᠬᠤᠰᠢᠭᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠤ ᠪᠠᠶᠢᠴᠠᠭᠠᠨ ᠰᠤᠳᠤᠯᠤᠯᠳᠠ ᠬᠢᠪᠠ᠃

      ᠰᠡᠴᠡᠨᠪᠢᠯᠢᠭ ᠨᠠᠷ ᠪᠤᠳᠠᠳᠤ ᠭᠠᠵᠠᠷ ᠲᠤᠨᠢ ᠪᠠᠶᠢᠴᠠᠭᠠᠨ ᠦᠵᠡᠵᠤ᠂ ᠪᠠᠷᠠᠭᠤᠨ ᠯᠢᠤ ᠭᠸᠤ ᠶᠢᠨ ᠰᠠᠪᠠ ᠭᠠᠵᠠᠷ ᠢ ᠶᠡᠷᠦᠩᠭᠡᠶᠢᠯᠡᠨ ᠵᠠᠰᠠᠬᠤ ᠳᠠᠭᠤᠷᠢᠶᠡᠯ

ᠦᠵᠡᠬᠦᠯᠬᠦ ᠳᠦᠷᠤᠯ ᠵᠦᠢᠯ ᠤᠨ ᠠᠬᠢᠴᠠ ᠶᠢᠨ ᠪᠠᠶᠢᠳᠠᠯ ᠢ ᠨᠢᠮᠪᠠᠢ ᠤᠢᠢᠯᠠᠭᠠᠵᠠᠢ᠃ ᠳᠡᠷᠡ ᠠᠭᠤᠯᠠ ᠤᠰᠤ ᠤᠢ ᠰᠢᠭᠤᠢ ᠳᠠᠷᠢᠶᠠᠨ ᠭᠠᠵᠠᠷ ᠨᠠᠭᠤᠷ ᠪᠦᠷᠢᠳᠤ

ᠨᠤᠳᠤᠭ ᠪᠡᠯᠴᠢᠭᠡᠷ ᠡᠯᠡᠰᠤ ᠶᠢ ᠰᠢᠰᠲ᠋ᠧᠮ ᠲᠠᠢ᠂ ᠶᠡᠷᠦᠩᠭᠡᠶᠢᠯᠡᠨ᠂ ᠡᠬᠢ ᠦᠨᠳᠤᠰᠤᠨ ᠠᠴᠠ ᠨᠢ ᠵᠠᠰᠠᠬᠤ ᠦᠨᠳᠤᠰᠤᠨ ᠰᠡᠳᠬᠢᠴᠡ ᠶᠤᠰᠤᠭᠠᠷ ᠪᠠᠷᠠᠭᠤᠨ ᠯᠢᠤ

ᠭᠸᠤ ᠶᠢᠨ ᠰᠠᠪᠠ ᠭᠠᠵᠠᠷ ᠢ ᠶᠡᠷᠦᠩᠭᠡᠶᠢᠯᠡᠨ ᠵᠠᠰᠠᠬᠤ ᠳᠠᠭᠤᠷᠢᠶᠠᠯ ᠦᠵᠡᠬᠦᠯᠬᠦ ᠳᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠳᠦᠰᠤᠯ ᠢ ᠴᠢᠨᠠᠬᠰᠢᠳᠠ

ᠨᠠᠷᠢᠯᠢᠬᠵᠢᠭᠤᠯᠤᠨ ᠳᠡᠬᠦᠯᠳᠡᠷᠵᠢᠬᠦᠯᠵᠤ᠂ ᠠᠵᠤ ᠤᠢᠢᠯᠡᠰ ᠤᠨ ᠳᠦᠷᠤᠯ ᠵᠦᠢᠯ᠂ ᠰᠠᠪᠠ ᠭᠠᠵᠠᠷ ᠤᠨ ᠵᠠᠰᠠᠯᠳᠠ᠂ ᠤᠷᠴᠢᠨ ᠳᠤᠭᠤᠷᠢᠨ ᠤ ᠬᠠᠮᠠᠭᠠᠯᠠᠯᠳᠠ ᠶᠢ

ᠨᠢᠭᠡᠳᠤᠯᠳᠡᠢ ᠳᠦᠯᠦᠪᠵᠢᠬᠦᠯᠤᠨ ᠠᠬᠢᠭᠤᠯᠬᠤ ᠭᠡᠷᠡᠭᠳᠡᠢ᠃ ᠠᠶᠠᠨᠳᠠᠭᠠᠨ ᠰᠡᠷᠬᠦᠬᠡᠬᠦ ᠪᠠᠷ ᠭᠤᠤᠯᠳᠠᠭᠤᠯᠬᠤ ᠴᠢᠭᠯᠡᠯᠳᠡ ᠶᠢ ᠪᠠᠷᠢᠮᠳᠠᠯᠠᠨ᠂ ᠪᠡᠯᠴᠢᠭᠡᠷᠯᠡᠬᠦᠯᠬᠦ ᠶᠢ

ᠬᠤᠷᠢᠬᠯᠠᠬᠤ ᠳᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭᠤᠨ ᠯᠢᠤ ᠭᠸᠤ ᠶᠢᠨ ᠠᠮᠢ ᠠᠬᠤᠢ ᠶᠢᠨ ᠠᠶᠠᠨᠳᠠᠭᠠᠨ ᠰᠡᠷᠬᠦᠯᠳᠡ ᠶᠢ ᠠᠬᠢᠭᠤᠯᠬᠤ

ᠭᠡᠷᠡᠭᠳᠡᠢ᠃ ᠪᠤᠬᠢᠷᠳᠤᠯ ᠦᠭᠡᠢ ᠠᠭᠤᠷᠬᠠᠢ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠂ ᠨᠡᠬᠦᠷᠡᠰᠤᠨ ᠤ ᠠᠵᠤ ᠠᠬᠤᠢᠢᠯᠠᠯ ᠢ ᠬᠦᠳᠤᠯᠤᠨ ᠳᠠᠭᠠᠭᠤᠯᠵᠤ

ᠪᠠᠶᠢᠭᠠᠳ ᠨᠡᠶᠢᠭᠡᠮ ᠤᠨ ᠡᠬᠦᠷᠭᠡ ᠬᠠᠷᠢᠭᠤᠴᠠᠯᠭ᠎ᠠ ᠶᠢ ᠨᠢ ᠰᠠᠨᠠᠭᠠᠴᠢᠯᠠᠭ᠎ᠠ ᠲᠠᠢ ᠪᠠᠷ ᠬᠦᠢᠴᠡᠳᠭᠡᠯᠭᠡᠵᠤ᠂ ᠰᠠᠪᠠ ᠭᠠᠵᠠᠷ᠂ ᠠᠭᠤᠷᠬᠠᠢ ᠶᠢᠨ ᠤᠷᠤᠨ ᠤ ᠤᠷᠴᠢᠨ

ᠳᠤᠭᠤᠷᠢᠨ᠂ ᠰᠠᠭᠤᠭᠠᠯᠢ ᠠᠷᠠᠳ ᠤᠨ ᠡᠶ᠎ᠡ ᠵᠤᠬᠢᠴᠠᠯ ᠲᠠᠢ ᠬᠦᠭᠵᠢᠯᠳᠡ ᠶᠢ ᠪᠡᠶᠡᠯᠡᠬᠦᠯᠬᠦ ᠭᠡᠷᠡᠭᠳᠡᠢ᠃ ᠰᠠᠪᠠ ᠭᠠᠵᠠᠷ ᠤᠨ ᠬᠦᠷᠤᠰᠤ ᠰᠢᠷᠤᠢ ᠶᠢᠨ ᠢᠳᠡᠭᠳᠡᠯ ᠢ

ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠠᠷᠢᠯᠭ᠎ᠠ᠂ ᠭᠤᠤᠯ ᠨᠠᠭᠤᠷ ᠤᠨ ︽ᠳᠦᠷᠪᠡᠨ ᠳᠤᠷᠠᠪᠠᠷ ᠴᠡᠪᠡᠷᠯᠡᠬᠦ︾ ᠳᠤᠰᠬᠠᠢ ᠠᠵᠢᠯᠯᠠᠭ᠎ᠠ ᠶᠢ

ᠦᠷᠬᠦᠯᠵᠢᠯᠡᠨ ᠰᠠᠶᠢᠳᠤᠷ ᠠᠳᠬᠤᠵᠤ᠂ ᠰᠢᠪᠠᠷ ᠰᠢᠷᠤᠢ ᠶᠢᠨ ᠭᠤᠤᠯ ᠳᠤ ᠤᠷᠤᠬᠤ ᠶᠢ ᠬᠠᠮᠤᠭ ᠤᠨ ᠶᠡᠭᠡ ᠭᠡᠮᠵᠢᠶ᠎ᠠ ᠪᠠᠷ ᠪᠠᠭᠠᠰᠬᠠᠨ᠂ ᠭᠤᠤᠯ ᠤᠨ ᠤᠷᠤᠰᠬᠠᠯ ᠢ

ᠪᠤᠬᠢᠷᠳᠤᠭᠤᠯᠬᠤ ᠶᠢ ᠡᠷᠡᠰ ᠬᠤᠷᠢᠬᠯᠠᠬᠤ ᠭᠡᠷᠡᠭᠳᠡᠢ᠃ ᠮᠠᠯ ᠳᠠᠷᠢᠶᠠᠯᠠᠩ ᠤᠨ ᠠᠵᠤ ᠤᠢᠢᠯᠡᠰ ᠤᠨ ᠪᠦᠳᠤᠴᠡ ᠶᠢ ᠳᠤᠬᠢᠷᠠᠭᠤᠯᠬᠤ ᠪᠠ ᠤᠢᠢᠯᠡᠳᠪᠤᠷᠢᠯᠡᠯ ᠤᠨ

ᠭᠡᠯᠪᠡᠷᠢ ᠪᠠᠨ ᠬᠤᠪᠢᠷᠠᠭᠤᠯᠬᠤ ᠶᠢ ᠳᠦᠷᠭᠡᠳᠬᠡᠨ ᠠᠬᠢᠭᠤᠯᠵᠤ᠂ ᠬᠠᠰᠢᠶᠠᠯᠠᠨ ᠳᠡᠵᠢᠭᠡᠬᠦ ᠤᠢᠢᠯᠡᠰ᠂ ᠠᠮᠢ ᠠᠬᠤᠢ ᠶᠢᠨ ᠵᠤᠭᠠᠴᠠᠯ ᠪᠠ ᠬᠠᠳᠤᠨ ᠭᠤᠤᠯ ᠳᠠᠭᠠᠤ ᠤᠳᠤ

ᠦᠶ᠎ᠠ ᠶᠢᠨ ᠮᠠᠯ ᠳᠠᠷᠢᠶᠠᠯᠠᠩ ᠢ ᠶᠡᠭᠡ ᠪᠠᠷ ᠬᠦᠭᠵᠢᠬᠦᠯᠵᠤ᠂ ︽ᠨᠠᠮ ᠤᠨ ᠡᠬᠦᠷ + ᠳᠤᠯᠤᠭᠠᠢᠢᠯᠠᠬᠤ ᠠᠵᠤ ᠠᠬᠤᠢᠢᠯᠠᠯ + ᠬᠤᠷᠰᠢᠶᠠᠵᠢᠯ + ᠮᠠᠯᠴᠢᠨ ᠳᠠᠷᠢᠶᠠᠴᠢᠨ

ᠡᠷᠤᠭᠡ︾ ᠶᠢᠨ ᠬᠦᠭᠵᠢᠯᠳᠡ ᠶᠢᠨ ᠵᠠᠬᠪᠤᠷ ᠢ ᠡᠷᠡᠰ ᠭᠤᠶᠢᠪᠢᠰᠢ ᠦᠭᠡᠢ ᠳᠡᠯᠭᠡᠷᠡᠬᠦᠯᠤᠨ᠂ ᠮᠠᠯ ᠳᠠᠷᠢᠶᠠᠯᠠᠩ ᠤᠨ ᠭᠡᠪᠴᠢᠶᠡᠵᠢᠭᠰᠡᠨ᠂ ᠵᠤᠬᠢᠶᠠᠨ

ᠪᠠᠶᠢᠭᠤᠯᠤᠯᠳᠠᠴᠢᠯᠠᠬᠰᠠᠨ ᠬᠦᠭᠵᠢᠯᠳᠡ ᠶᠢ ᠠᠬᠢᠭᠤᠯᠵᠤ᠂ ᠮᠠᠯᠴᠢᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠤ ᠴᠢᠨᠡᠭᠡᠯᠢᠭᠵᠢᠬᠦᠯᠬᠦ ᠶᠢ ᠳᠠᠶᠢᠴᠢᠯᠠᠬᠤ ᠭᠡᠷᠡᠭᠳᠡᠢ᠃

ᠦᠨᠳᠤᠰᠤᠨ ᠱᠠᠳᠤᠨ ᠤ ᠤᠷᠤᠨ ᠪᠦᠰᠡ ᠶᠢᠨ ᠴᠤᠬᠴᠠᠵᠢᠭᠤᠯᠤᠬᠰᠠᠨ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠶᠢ ᠴᠢᠩᠭᠠᠳᠬᠠᠵᠤ᠂ ᠮᠠᠯᠵᠢᠬᠤ ᠳᠠᠷᠢᠶᠠᠯᠠᠬᠤ

ᠤᠷᠤᠨ ᠤ ᠵᠠᠰᠠᠯᠳᠠ ᠶᠢᠨ ᠤᠳᠤᠬᠢᠴᠢᠯᠠᠯᠳᠠ ᠶᠢ ᠠᠬᠢᠭᠤᠯᠤᠨ᠂ ᠬᠦᠭᠡᠮᠳᠦᠭ‌ᠨᠤᠭᠤᠭᠠᠨ ᠠᠭᠤᠯᠠ ᠤᠰᠤ ᠶᠢ ᠬᠠᠮᠳᠤ ᠪᠠᠷ ᠪᠠᠶᠢᠭᠤᠯᠵᠤ᠂ ᠬᠠᠳᠤᠨ ᠭᠤᠤᠯ ᠢ

ᠬᠠᠮᠠᠭᠠᠯᠠᠬᠤ ᠳᠤ ᠡᠷᠬᠦᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠭᠡᠷᠡᠭᠳᠡᠢ ᠭᠡᠵᠤ ᠴᠢᠬᠤᠯᠠᠴᠢᠯᠠᠬᠰᠠᠨ ᠪᠠᠶᠢᠨ᠎ᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ