ᠤᠯᠤᠰ ᠲᠥᠷᠥ ᠶᠢᠨ ᠵᠥᠪᠯᠡᠯᠭᠡᠨ ᠤ ᠳᠠᠯᠠᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠦᠷᠪᠡᠳᠤᠭᠡᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠬᠡᠪᠡᠷ ᠬᠤᠷᠠᠯᠳᠤᠪᠠ
ᠨᠡᠶᠢᠲᠡᠯᠡᠭᠰᠡᠨ ᠴᠠᠭ᠄
2020/5/13
      4 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠳᠠᠯᠠᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ‌ᠦᠪᠡᠳᠡᠭᠰᠢ ᠶᠡᠬᠡᠪᠡᠷ ᠬᠤᠷᠠᠯᠳᠤᠪᠠ᠃ ᠮᠠᠨ ᠤ ᠬᠤᠰᠢᠭᠤᠨ ᠤ ᠡᠯ᠎ᠡ ᠦᠨᠳᠦᠰᠦᠲᠡᠨ ᠤ ᠡᠯ᠎ᠡ ᠡᠲᠡᠭᠡᠳ ᠤᠨ ᠬᠢᠨ᠂ ᠡᠯ᠎ᠡ ᠹᠷᠣᠨᠲ ᠤᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠴᠤᠭᠯᠠᠷᠠᠨ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠢᠳᠡᠪᠬᠢᠲᠡᠶ ᠭᠦᠶᠴᠡᠳᠬᠡᠵᠦ᠂ ᠵᠦᠪᠯᠡᠯᠭᠡᠨ ᠤ ᠠᠷᠠᠳᠴᠢᠯᠠᠯ ᠤᠨ ᠪᠠᠶᠢᠭᠤᠯᠤᠯᠲᠠ ᠶᠢᠨ ᠰᠢᠨ᠎ᠡ ᠬᠥᠭᠵᠢᠯᠲᠡ ᠶᠢ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠳᠤ ᠰᠠᠨᠠᠯ ᠵᠥᠪᠯᠡᠯᠭᠡ ᠳᠤᠷᠠᠳᠴᠠᠢ᠃

       ᠦᠳᠡ ᠶᠢᠨ ᠬᠤᠶᠢᠨᠠᠬᠢ 15 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ

ᠰᠡᠬᠦᠪᠡ᠃  

                   

          ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠯᠢᠦ ᠶᠦᠩ ᠹᠦ᠋᠂ ᠰᠤ᠋ ᠵᠦᠩ᠂ ᠵᠤᠤ ᠴᠢᠶᠠᠨ ᠢᠦᠢ᠂ ᠯᠢᠨ ᠳ᠋ᠦᠩ ᠮᠧᠢ᠂ ᠴᠣᠭᠲᠤ᠂ ᠵᠠᠩ

ᠮᠧᠢ ᠯᠢᠩ ᠶᠡᠭᠡ ᠬᠤᠷᠠᠯ ᠤᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃

       ᠴᠢ᠊ · ᠳᠠᠯᠠᠨᠳᠢ᠂ ᠭᠤᠤ ᠬᠤᠸᠠᠢ ᠵᠢᠩ᠂ ᠳ᠋ᠦ᠋ ᠵᠢᠶᠠᠨ ᠶᠦᠩ᠂ ᠰᠤ᠋ ᡁᠢ ᠰᠢᠶᠦ᠋ᠩ᠂ ᠸᠠᠩ ᠫᠢᠩ᠂ ᠵᠣᠣ ᠶᠦᠩ ᠹᠧᠩ᠂ ᠰᠤ᠋ ᠵᠧᠨ ᠫᠢᠩ᠂ ᠼᠦᠢ ᠶᠦᠩ

ᠫᠢᠩ᠂ ᠦᠨᠢᠷᠵᠢᠷᠭᠠᠯ᠂ ᠸᠠᠩ ᠵᠢᠶᠤᠤ᠂ ᠸᠠᠩ  ᠱᠤ᠋ ᠬᠤᠩ᠂ ᠱᠠᠩ ᠵᠧᠨ ᠹᠸᠢ᠂ ᠼᠤᠤ ᠵᠢᠶᠦ᠋ᠨ ᠵᠢᠶᠧ᠂ ᠥᠩᠭᠡᠷᠡᠭᠰᠡᠨ ᠬᠤᠭᠤᠴᠠᠭᠠᠨ ᠤ ᠤᠯᠤᠰ ᠲᠥᠷᠥ ᠶᠢᠨ

ᠵᠥᠪᠯᠡᠯᠭᠡᠨ ᠤ ᠲᠡᠷᠢᠭᠦᠯᠡᠭᠴᠢ ᠱᠢ ᠶᠦᠩ ᠵᠢᠶᠧ ᠵᠢᠴᠢ ᠪᠥᠬᠦ ᠬᠤᠰᠢᠭᠤᠨ ᠤ ᠳᠡᠳ᠋ ᠰᠢᠶᠠᠨ ᠤ  ᠳᠡᠰ ᠠᠴᠠ ᠳᠡᠭᠡᠭᠰᠢᠬᠢ ᠭᠡᠷ ᠲᠤ ᠪᠠᠨ ᠪᠠᠶᠢᠬᠤ ᠤᠳᠤᠷᠢᠳᠤᠯᠭ᠎ᠠ ᠨᠠᠷ

ᠬᠤᠷᠠᠯ ᠳᠤ ᠣᠷᠣᠯᠴᠠᠬᠤ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃                                                          

                 

         ᠯᠢᠦ ᠶᠦᠩ ᠹᠦ᠋ ᠤᠯᠤᠰ ᠲᠦᠷᠦ ᠶᠢᠨ ᠵᠥᠪᠯᠡᠯᠭᠡᠨ ᠤ ᠳᠠᠯᠠᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ

ᠭᠡᠰᠢᠭᠦᠨ ᠢ ᠲᠥᠯᠥᠭᠡᠯᠡᠨ ᠠᠵᠢᠯ ᠤᠨ ᠢᠯᠡᠳᠬᠡᠯ ᠬᠢᠪᠡ᠃

      ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡ᠃ 2019 ᠣᠨ ᠳᠤ᠂ ᠬᠤᠰᠢᠭᠤᠨ ᠤ ᠠᠷᠠᠳ ᠤᠨ ᠤᠯᠤᠰ ᠲᠥᠷᠥ ᠶᠢᠨ

ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ

ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠦᠴᠦᠲᠡᠶ ᠳᠡᠮᠵᠢᠯᠭᠡ ᠳᠣᠤᠷ᠎ᠠ᠂ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢᠮᠠᠭᠲᠠ ᠵᠥᠪ ᠴᠢᠭᠯᠡᠯ ᠢᠶᠠᠷ ᠤᠷᠤᠭᠰᠢᠯᠠᠵᠦ︔ ᠭᠤᠣᠯ ᠠᠵᠢᠯ ᠲᠠᠢ

ᠤᠶᠠᠯᠳᠤᠭᠤᠯᠤᠨ ᠶᠡᠭᠡ ᠲᠠᠯ᠎ᠠ ᠳᠤ ᠦᠢᠯᠡᠴᠢᠯᠡᠵᠦ᠂ ᠰᠢᠨ᠎ᠡ ᠴᠠᠭ ᠦᠶ᠎ᠡ ᠶᠢᠨ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠠᠢ︔

ᠬᠤᠶᠠᠷ ᠲᠠᠯ᠎ᠠ ᠪᠠᠷ ᠢᠶᠠᠨ ᠬᠦᠴᠦᠯᠡᠬᠦ ᠶᠢ ᠪᠠᠷᠢᠮᠳᠠᠯᠠᠨ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠤᠷᠢ ᠶᠢᠨ ᠳᠠᠪᠠᠭᠤᠯᠢᠭ ᠢ ᠢᠯᠡᠷᠡᠭᠦᠯᠵᠡᠢ︔ ᠰᠠᠭᠤᠷᠢ ᠶᠢ

ᠬᠦᠴᠦᠷᠬᠡᠭᠵᠢᠭᠦᠯᠦᠨ ᠦᠨᠳᠦᠰᠦ ᠶᠢ ᠪᠠᠬᠢᠵᠢᠭᠦᠯᠬᠦ ᠶᠢ ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ

ᠬᠠᠷᠢᠭᠤᠴᠠᠯᠭ᠎ᠠ ᠪᠠᠨ ᠭᠦᠶᠴᠡᠳᠬᠡᠬᠦ ᠦᠶᠯᠡᠳᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠤᠰᠢᠭᠤᠨ ᠤ

ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠵᠡᠢ᠃

     ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ

ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠡᠴᠦᠰ ᠤᠨ ᠵᠢᠯ ᠮᠥᠨ᠂ ᠮᠦᠨᠴᠦ ᠲᠥᠪ ᠬᠤᠷᠢᠶ᠎ᠠ

ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ

ᠬᠡᠷᠡᠭᠵᠢᠭᠦᠯᠬᠦ ᠡᠬᠢᠯᠡᠯᠲᠡ ᠶᠢᠨ ᠵᠢᠯ ᠪᠤᠯᠬᠤᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ ᠬᠤᠰᠢᠭᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠤᠷ᠎ᠠ᠂ ︽ᠳᠥᠷᠪᠡᠨ

ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠯᠬᠦᠮᠳᠡᠯ ᠪᠠ

ᠠᠷᠠᠳᠴᠢᠯᠠᠯ ᠭᠡᠬᠦ ᠬᠤᠶᠠᠷ ᠶᠡᠭᠡ ᠭᠤᠤᠯ ᠰᠡᠳᠦᠪ ᠢ ᠪᠠᠷᠢᠮᠲᠠᠯᠠᠵᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠲᠥᠪ

ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠶᠳᠪᠦᠷᠢᠲᠦ

ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠡᠯ᠎ᠡ

ᠡᠲᠡᠭᠡᠳ ᠤᠨ ᠬᠥᠮᠦᠰ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠳᠠᠷᠠᠭᠤᠯᠤᠭᠰᠠᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂

ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠷᠮᠠᠶᠢᠨ ᠤᠷᠤᠭᠰᠢᠯᠠᠭᠤᠯᠵᠠᠢ᠃

      ᠰᠢᠨ᠎ᠡ ᠡᠬᠢᠯᠡᠯᠲᠡ᠂ ᠰᠢᠨ᠎ᠡ ᠠᠶᠠᠨ᠃ 2020 ᠣᠨ ᠳᠤ ᠬᠤᠰᠢᠭᠤᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠨᠠᠮ ᠤᠨ ᠪᠠᠶᠢᠭᠤᠯᠤᠯᠲᠠ ᠶᠢ

ᠦᠷᠭᠦᠯᠵᠢᠯᠡᠨ ᠲᠠᠰᠤᠷᠠᠯᠲᠠ ᠥᠬᠡᠶ ᠴᠢᠩᠭᠠᠳᠬᠠᠵᠤ᠂ ᠨᠠᠮ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠨᠠᠩ

ᠬᠦᠴᠦᠲᠡᠶ ᠨᠠᠶᠢᠳᠠᠪᠤᠷᠢᠵᠢᠭᠤᠯᠤᠨ᠎ᠠ︔ ᠬᠠᠷᠠᠯᠲᠠ ᠶᠢᠨ ᠤᠳᠤᠷᠢᠳᠤᠮᠵᠢ ᠶᠢ ᠪᠤᠢ ᠪᠣᠯᠭᠠᠵᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠶᠯᠡᠳᠦᠯ ᠢ ᠨᠡᠩ

ᠪᠦᠳᠦᠮᠵᠢᠳᠡᠢ ᠪᠠᠳᠠᠷᠠᠭᠤᠯᠤᠨ᠎ᠠ︔ ᠦᠷ᠎ᠡ ᠳ᠋ᠦᠩ ᠤᠨ ᠤᠳᠤᠷᠢᠳᠤᠮᠵᠢ ᠶᠢ ᠪᠤᠢ ᠪᠣᠯᠭᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠲᠠᠨᠢᠯᠲᠠ ᠬᠦᠴᠦᠨ ᠢ ᠨᠡᠩ ᠡᠮᠬᠢ

ᠵᠢᠷᠤᠮ ᠲᠠᠢ ᠪᠠᠷ ᠨᠢᠭᠳᠠᠷᠠᠭᠤᠯᠤᠨ᠎ᠠ︔ ᠶᠠᠰᠤ ᠴᠢᠨᠠᠷ ᠤᠨ ᠤᠳᠤᠷᠢᠳᠤᠮᠵᠢ ᠶᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠡᠩ

ᠢᠳᠡᠪᠬᠢᠲᠡᠢ ᠡᠭᠦᠷᠭᠡᠯᠡᠨ᠎ᠡ᠃

      ᠮᠡᠳᠡᠭᠦᠯᠦᠯᠲᠡ ᠳᠤ᠂ ᠡᠯ᠎ᠡ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠡᠩ ᠨᠢᠭᠲᠠᠷᠠᠨ

ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ

ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ

ᠳᠣᠣᠷ᠎ᠠ᠂ ᠴᠠᠭ ᠦᠶ᠎ᠡ ᠲᠠᠢ ᠤᠷᠤᠯᠳᠤᠨ ᠰᠢᠨᠳᠠᠷᠠᠰᠢ ᠦᠭᠡᠢ ᠴᠢᠷᠮᠠᠶᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠢ ᠪᠠᠷ

ᠤᠷᠤᠭᠰᠢᠯᠠᠨ ᠳᠠᠪᠰᠢᠵᠤ᠂ ︽ᠦᠵᠡᠰᠬᠦᠯᠡᠩᠲᠦ ᠰᠠᠶᠢᠬᠠᠨ ᠬᠠᠳᠤᠨ ᠭᠤᠣᠯ ᠤᠨ ᠳᠤᠬᠤᠢ᠂ ᠲᠠᠩᠰᠤᠭ ᠰᠠᠶᠢᠬᠠᠨ ᠳᠠᠯᠠᠳ︾ ᠢ ᠪᠦᠬᠦ ᠬᠦᠴᠦᠨ ᠪᠠᠷ ᠢᠶᠠᠨ

ᠴᠣᠭᠴᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ

ᠬᠡᠷᠡᠭᠲᠡᠢ ᠭᠡᠵᠦ ᠤᠷᠢᠶᠠᠯᠠᠪᠠ᠃                              

       ᠰᠤ᠋ ᠵᠦᠩ ᠤᠯᠤᠰ ᠲᠦᠷᠦ ᠶᠢᠨ ᠵᠥᠪᠯᠡᠯᠭᠡᠨ ᠤ ᠳᠠᠯᠠᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ

ᠬᠤᠷᠢᠶ᠎ᠠ ᠶᠢ ᠲᠥᠯᠥᠭᠡᠯᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠬᠢᠪᠡ᠃ 2019 ᠣᠨ ᠳᠤ᠂ ᠥᠷᠭᠡᠨ ᠣᠯᠠᠨ ᠤᠯᠤᠰ ᠲᠥᠷᠥ ᠶᠢᠨ

ᠵᠥᠪᠯᠡᠯᠭᠡᠨ ᠤ ᠭᠡᠰᠢᠭᠦᠳ ᠪᠠ ᠤᠯᠤᠰ ᠲᠥᠷᠥ ᠶᠢᠨ ᠵᠦᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠳᠤ ᠳᠤᠷᠠᠳᠤᠭᠰᠠᠨ ᠰᠢᠨ᠎ᠡ ᠡᠭᠦᠷᠭᠡ᠂ ᠰᠢᠨ᠎ᠡ

ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠵᠢᠴᠢ ᠠᠷᠠᠳ ᠣᠯᠠᠨ ᠤ ᠬᠠᠮᠤᠭ ᠤᠨ

ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠠᠨᠠᠯ ᠵᠦᠪᠯᠡᠯᠭᠡ ᠶᠢ ᠢᠳᠡᠪᠬᠢᠲᠡᠶ

ᠬᠡᠷᠡᠭᠯᠡᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠶᠢᠲᠡ 99 ᠬᠤᠪᠢ ᠰᠠᠨᠠᠯ ᠳᠤᠷᠠᠳᠤᠯᠭ᠎ᠠ

ᠳᠤᠷᠠᠳᠪᠠ᠃ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠠᠴᠠ ᠬᠢᠨᠠᠨ ᠪᠠᠶᠢᠴᠠᠭᠠᠭᠠᠳ 8 ᠬᠤᠪᠢ ᠰᠠᠨᠠᠭᠤᠯᠭ᠎ᠠ ᠪᠣᠯᠭᠠᠨ ᠬᠤᠪᠢᠷᠠᠭᠤᠯᠵᠤ᠂

5 ᠬᠤᠪᠢ ᠶᠢ ᠨᠢ ᠨᠡᠶᠢᠯᠡᠭᠦᠯᠪᠡ᠂ 1 ᠬᠤᠪᠢ ᠶᠢ ᠨᠢ ᠬᠡᠷᠡᠭ ᠪᠣᠯᠭᠠᠨ ᠳᠠᠩᠰᠠᠯᠠᠭᠰᠠᠨ ᠦᠭᠡᠢ᠂ ᠬᠠᠮᠤᠭ ᠰᠡᠭᠦᠯ ᠳᠤ 85 ᠬᠤᠪᠢ ᠶᠢ ᠨᠢ ᠵᠢᠩᠬᠢᠨᠢ ᠪᠠᠷ ᠬᠡᠷᠡᠭ

ᠪᠣᠯᠭᠠᠨ ᠳᠠᠩᠰᠠᠯᠠᠭᠤᠯᠪᠠ᠃ ᠡᠩ ᠤᠨ ᠦᠶ᠎ᠡ ᠶᠢᠨ ᠰᠠᠨᠠᠯ ᠵᠥᠪᠯᠡᠯᠭᠡ 1 ᠬᠤᠪᠢ ᠪᠠᠶᠢᠵᠤ᠂ ᠨᠢᠭᠡᠨᠲᠡ ᠠᠵᠢᠯ ᠤᠨ ᠰᠠᠨᠠᠭᠤᠯᠭ᠎ᠠ ᠪᠣᠯᠭᠠᠨ ᠬᠤᠪᠢᠷᠠᠭᠤᠯᠵᠦ ᠬᠤᠰᠢᠭᠤᠨ

 ᠤ ᠠᠷᠠᠳ ᠤᠨ ᠵᠠᠰᠠᠭ ᠤᠨ ᠣᠷᠳᠣᠨ ᠳᠤ ᠯᠠᠪᠯᠠᠯᠲᠠ ᠪᠣᠯᠭᠠᠪᠠ᠃ 2019 ᠣᠨ ᠤ ᠡᠴᠦᠰ ᠪᠣᠯᠲᠠᠯ᠎ᠠ᠂ 85 ᠬᠤᠪᠢ ᠰᠠᠨᠠᠯ ᠳᠤᠷᠠᠳᠤᠯᠭ᠎ᠠ ᠶᠢ ᠨᠢᠭᠡᠨᠲᠡ

ᠰᠢᠢᠳᠪᠤᠷᠢᠯᠡᠨ ᠬᠠᠷᠢᠭᠤᠯᠲᠠ ᠦᠭᠴᠦ᠂ ᠰᠢᠶᠳᠪᠦᠷᠢᠯᠡᠵᠦ ᠬᠠᠷᠢᠭᠤ ᠥᠭᠭᠦᠭᠰᠡᠨ ᠨᠣᠷᠮ᠎ᠠ ᠨᠢ 100% ᠳᠤ ᠬᠦᠷᠴᠡᠶ᠃ 2020 ᠣᠨ ᠳᠤ᠂ ᠰᠠᠨᠠᠯ

ᠳᠤᠷᠠᠳᠤᠯᠭ᠎ᠠ ᠶᠢᠨ ᠠᠵᠢᠯ ᠨᠢ ᠬᠤᠰᠢᠭᠤ ᠨᠠᠮ ᠤᠨ ᠬᠤᠷᠢᠶ᠎ᠠ ᠤᠯᠤᠰ ᠲᠥᠷᠦ ᠶᠢᠨ ᠵᠦᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ

ᠪᠣᠯᠭᠠᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠬᠦ ᠭᠡᠰᠢᠭᠦᠳ ᠤᠨ ᠬᠤᠷᠠᠯ ᠪᠠ ᠪᠦᠬᠦ

ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠶᠢ ᠣᠨᠣᠪᠴᠢᠲᠠᠢ ᠡᠵᠡᠮᠰᠢᠨ᠂ ᠠᠵᠢᠯ ᠤᠨ ᠲᠣᠭᠲᠠᠴᠠ ᠪᠠᠨ

ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠂ ᠰᠠᠨᠠᠯ ᠳᠤᠷᠠᠳᠤᠯᠭ᠎ᠠ ᠶᠢᠨ ᠬᠢᠷᠢ ᠲᠦᠪᠰᠢᠨ ᠢᠶᠠᠨ

ᠳᠡᠭᠡᠭᠰᠢᠯᠡᠭᠦᠯᠬᠦ ᠬᠡᠷᠡᠭᠲᠡᠢ ᠭᠡᠵᠡᠢ᠃    

                                         

     

       ᠯᠢᠨ ᠳ᠋ᠦᠩ ᠮᠧᠢ ᠶᠡᠭᠡ ᠬᠤᠷᠠᠯ ᠢ ᠡᠷᠬᠢᠯᠡᠪᠡ᠃    

                               

      ᠬᠤᠷᠠᠯ ᠳᠡᠭᠡᠷ᠎ᠡ᠂ ᠬᠤ᠋ ᠪᠥᠸᠧ᠂ ᠵᠠᠩ ᠭᠤᠸᠠᠩ ᠫᠢᠩ᠂ ᠰᠦᠨ ᠰᠢ ᠮᠧᠢ ᠵᠡᠷᠭᠡ ᠭᠤᠷᠪᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠶᠡᠭᠡ ᠬᠤᠷᠠᠯ

ᠳᠡᠭᠡᠷ᠎ᠡ ᠶᠠᠷᠢᠶ᠎ᠠ ᠲᠠᠯᠪᠢᠪᠠ᠃

         ᠡᠯ᠎ᠡ ᠨᠡᠭᠡᠭᠡᠯᠲᠡ ᠶᠢᠨ ᠲᠣᠭᠤᠷᠢᠭ᠂ ᠬᠦᠷᠢᠶᠡᠯᠡᠩ ᠲᠣᠭᠤᠷᠢᠭ᠂ ᠰᠤᠮᠤ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ

ᠮᠥᠴᠢᠷ᠂ ᠠᠷᠠᠳ ᠤᠨ ᠪᠦᠯᠬᠦᠮ᠂ ᠡᠯ᠎ᠡ ᠬᠤᠰᠢᠭᠤᠨ ᠳᠤ ᠰᠠᠭᠤᠭ᠎ᠠ ᠨᠢᠭᠡᠴᠢ ᠪᠣᠯᠤᠨ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ

ᠰᠤᠯᠠ ᠣᠷᠣᠯᠴᠠᠵᠠᠶ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ