ᠬᠤᠰᠢᠭᠤ ᠵᠠᠰᠠᠭ ᠤᠨ ᠣᠷᠳᠣᠨ 2020 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/5/19
      5 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠭᠤᠤ ᠬᠤᠸᠠᠢ ᠵᠢᠩ ᠬᠤᠰᠢᠭᠤ ᠵᠠᠰᠠᠭ ᠤᠨ ᠣᠷᠳᠣᠨ ᠤ 2020 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠦ᠂ ᠬᠠᠲᠤᠨ ᠭᠤᠤᠯ ᠤᠨ ᠳᠥᠷᠪᠡᠳᠦᠭᠡᠷ ᠲᠣᠰᠬᠤᠨ ᠤ ᠴᠠᠭᠳᠠᠨ ᠵᠢᠯᠣᠭᠤᠳᠬᠤ ᠳᠡᠭᠡᠳᠦ ᠬᠡᠰᠡᠭ ᠵᠡᠷᠭᠡ 4 ᠠᠶᠤᠯᠲᠠᠶ ᠪᠠᠷᠢᠯᠭ᠎ᠠ ᠶᠢᠨ ᠠᠶᠤᠯᠲᠠᠶ ᠬᠡᠰᠡᠭ ᠤᠨ ᠠᠶᠤᠯ ᠠᠴᠠ ᠠᠪᠤᠷᠠᠬᠤ ᠢᠨᠵᠧᠨᠧᠷᠢᠩ ᠢ ᠬᠡᠷᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠬᠢᠨᠠᠨ ᠵᠥᠪᠯᠡᠬᠦ ᠵᠡᠷᠭᠡ ᠤᠴᠢᠷ ᠶᠠᠪᠤᠳᠠᠯ ᠤᠳ ᠢ ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠼᠤᠤ ᠵᠢᠶᠦ᠋ᠨ ᠵᠢᠶᠧ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠸᠠᠩ ᠱᠤᠸᠠᠢ᠂ ᠬᠤᠸᠠᠩ ᠵᠢᠶᠠᠨ ᠵᠢᠶᠦ᠋ᠨ᠂ ᠳ᠋ᠦ᠋ ᠰᠢᠶᠤᠤ ᠶᠠᠨ᠂ ᠪᠠᠶ ᠭᠦᠸᠧ ᠳ᠋ᠦᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃

        ᠬᠤᠷᠠᠯ ᠠᠴᠠ᠂ ᠬᠠᠳᠤᠨ ᠭᠤᠤᠯ ᠤᠨ ᠠᠶᠤᠯᠲᠠᠶ ᠪᠠᠷᠢᠯᠭ᠎ᠠ ᠶᠢᠨ ᠠᠶᠤᠯ ᠠᠴᠠ ᠠᠪᠤᠷᠠᠬᠤ ᠢᠨᠵᠧᠨᠧᠷᠢᠩ ᠢ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠠᠭᠳᠠᠵᠦ᠂ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ

ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠶᠠᠰᠤ ᠴᠢᠨᠠᠷ ᠢ ᠦᠨᠡᠨᠬᠦ

ᠪᠠᠲᠤᠯᠠᠵᠤ᠂ ᠠᠶᠤᠯ ᠠᠴᠠ ᠠᠪᠤᠷᠠᠬᠤ ᠪᠠᠷᠢᠯᠭ᠎ᠠ ᠶᠢ ᠲᠡᠤᠬᠡ ᠶᠢᠨ ᠰᠢᠯᠭᠠᠯᠳᠠ ᠶᠢ ᠳᠠᠭᠠᠭᠠᠵᠤ ᠳᠡᠶᠢᠯᠬᠦ ᠪᠠᠷᠢᠯᠭ᠎ᠠ ᠪᠣᠯᠭᠠᠨ ᠪᠠᠶᠢᠭᠤᠯᠬᠤ ᠬᠡᠷᠡᠭᠲᠡᠶ ᠭᠡᠵᠡᠢ

ᠴᠢᠬᠤᠯᠠᠴᠢᠯᠠᠵᠠᠢ᠃  

     

       ᠬᠤᠷᠠᠯ ᠠᠴᠠ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ

ᠬᠠᠮᠢᠶᠠᠷᠤᠯᠲᠠ ᠶᠢᠨ ᠲᠥᠰᠦᠯ ᠢ ᠨᠠᠷᠢᠯᠢᠭᠵᠢᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ

ᠴᠢᠩᠭᠠᠳᠬᠠᠨ ᠵᠢᠷᠤᠮᠵᠢᠭᠤᠯᠬᠤ ᠬᠡᠷᠡᠭᠲᠡᠶ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠶᠠᠳᠠᠭᠤ ᠶᠢ

ᠲᠡᠳᠬᠦᠬᠦ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠲᠥᠷᠥᠯ ᠵᠦᠶᠯ ᠤᠨ ᠪᠠᠯᠠ ᠮᠥᠩᠭᠦ ᠲᠤᠭᠠᠴᠢᠭ᠎ᠠ ᠬᠢᠬᠦ ᠡᠷᠴᠢᠮ ᠢᠶᠠᠨ

ᠴᠢᠩᠭᠠᠷᠠᠭᠤᠯᠤᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ︔ ᠡᠯ᠎ᠡ ᠰᠠᠯᠠᠭ᠎ᠠ ᠮᠥᠴᠢᠷ᠂ ᠰᠤᠮᠤ ᠪᠠᠯᠭᠠᠰᠤᠨ ᠤ ᠭᠤᠤᠯ

ᠬᠠᠷᠢᠭᠤᠴᠠᠯᠭᠠᠳᠠᠨ ᠬᠠᠷᠢᠭᠤᠴᠠᠯᠭᠠᠲᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠪᠡᠶ᠎ᠡ ᠪᠠᠷ ᠢᠶᠠᠨ ᠮᠦᠷᠳᠡᠨ‌ᠠᠩᠬᠠᠷᠴᠤ ᠪᠡᠶ᠎ᠡ ᠪᠠᠷ ᠢᠶᠠᠨ ᠭᠠᠷ ᠬᠥᠳᠡᠯᠵᠦ᠂ ᠲᠥᠷᠥᠯ

ᠵᠦᠶᠯ ᠢ ᠬᠡᠷᠡᠭᠵᠢᠭᠦᠯᠬᠦ ᠪᠥᠬᠦ ᠶᠠᠪᠤᠴᠠ ᠳᠤ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦᠯ

ᠵᠦᠢᠯ ᠤᠨ ᠪᠡᠯᠡ ᠮᠥᠩᠭᠦ ᠶᠢ ᠮᠥᠷᠳᠡᠨ ᠬᠢᠨᠠᠨ ᠪᠤᠳᠤᠬᠤ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠤᠨᠤᠪᠴᠢᠳᠠᠢ ᠬᠡᠷᠡᠭᠯᠡᠬᠦ ᠶᠢ ᠪᠠᠳᠤᠯᠠᠬᠤ

ᠬᠡᠷᠡᠭᠲᠡᠢ︔ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠶ ᠶᠢᠨ

ᠰᠠᠬᠢᠯᠭ᠎ᠠ ᠪᠠᠲᠤ ᠶᠢᠨ ᠬᠥᠪᠴᠢ ᠶᠢ ᠢᠮᠠᠭᠲᠠ ᠴᠢᠩᠭᠠᠯᠠᠵᠤ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ

ᠪᠠᠳᠤᠯᠠᠬᠤ ᠬᠡᠷᠡᠭᠳᠡᠢ ᠭᠡᠵᠦ ᠱᠠᠭᠠᠷᠳᠠᠵᠠᠢ᠃

       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠶᠠᠷᠢᠯᠴᠠᠵᠠᠢ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ