1965 ᠣᠨ ᠤ 9 ᠰᠠᠷ᠎ᠠ ᠳᠤ ᠳᠠᠯᠠᠳ ᠬᠤᠰᠢᠭᠤᠨ ᠤ ᠤᠯᠠᠭᠠᠨᠮᠥ᠋ᠴᠢᠷ ᠪᠠᠶᠢᠭᠤᠯᠤᠭᠳᠠᠪᠠ᠃ 1966 ᠣᠨ ᠤ ᠬᠠᠪᠤᠷ᠂ 11 ᠬᠡᠰᠢᠭᠦᠨ ᠲᠡᠷᠭᠡᠨ ᠳᠤ | ᠰᠠᠭᠤᠵᠤ ᠳᠠᠯᠠᠳ ᠬᠤᠰᠢᠭᠤᠨ ᠤ ᠡᠯ ᠽᠢ ᠬᠤᠤ ᠰᠢᠶᠠᠩ ᠤᠨ ᠨᠢᠭᠡᠨ ᠵᠢᠵᠢᠭ ᠲᠣᠰᠬᠤᠨ ᠵᠦᠭ ᠮᠣᠷᠳᠠᠪᠠ᠃ ᠨᠢᠭᠡ ᠲᠡᠷᠭᠡ᠂ ᠨᠢᠭᠡ ᠬᠥᠰᠢᠭᠡ᠂ ᠬᠤᠶᠠᠷ ᠮᠤᠳᠤ᠂ | ᠬᠡᠳᠦᠨ ᠳᠥᠭᠦᠮᠬᠡᠨ ᠬᠥᠭᠵᠢᠮᠳᠡᠭᠦᠷ ᠲᠠᠢ ᠳᠠᠯᠠᠳ ᠬᠤᠰᠢᠭᠤᠨ ᠤ ᠤᠯᠠᠭᠠᠨᠮᠥ᠋ᠴᠢᠷ ᠡᠭᠦᠨ ᠠᠴᠠ ᠡᠬᠢᠯᠡᠨ ᠬᠦᠴᠢᠷ ᠪᠡᠷᠬᠡᠰᠢᠶᠡᠯ ᠢ ᠲᠠᠪᠠᠨ ᠲᠤᠭᠤᠯᠵᠤ ᠬᠥᠳᠡᠭᠡ | ᠪᠠᠭᠤᠵᠤ ᠠᠷᠠᠳ ᠲᠦᠮᠡᠨ ᠳᠤ ᠦᠢᠯᠡᠴᠢᠯᠡᠵᠤ ᠡᠬᠢᠯᠡᠪᠡ᠃ | | | | | 1970 ᠣᠨ ᠳᠤ᠂ ᠤᠯᠠᠭᠠᠨᠮᠥ᠋ᠴᠢᠷ ᠤᠨ ᠳᠣᠯᠣᠳᠤᠭᠠᠷ ᠠᠬᠠᠮᠠᠳ ᠠᠩᠬᠢ ᠶᠢᠨ ᠳᠠᠷᠤᠭ᠎ᠠ ᠶᠠᠨ ᠱᠢ ᠶᠧ ᠬᠡᠷᠬᠡᠢ ᠲᠠᠢ ᠪᠠᠨ ᠬᠠᠮᠲᠤ ᠤᠯᠠᠭᠠᠨᠮᠥ᠋ᠴᠢᠷ ᠲᠤ | ᠣᠷᠣᠪᠠ᠃ ᠶᠠᠨ ᠱᠢ ᠶᠧ ᠲᠡᠷᠡ ᠦᠶ᠎ᠡ ᠶᠢᠨ ᠪᠠᠶᠢᠳᠠᠯ ᠢ ᠲᠣᠪ ᠲᠣᠳᠣᠷᠬᠠᠶ ᠴᠡᠭᠡᠵᠢᠯᠡᠵᠦ ᠪᠠᠶᠢᠪᠠ᠃ ᠲᠤᠬᠠᠢ ᠶᠢᠨ ᠦᠶ᠎ᠡ ᠳᠤ ᠲᠡᠵᠢᠬᠡᠪᠦᠷᠢ ᠶᠢᠨ ᠲᠠᠯᠠᠪᠠᠢ ᠶᠢᠨ | ᠬᠠᠵᠠᠭᠤᠳᠠᠬᠢ ᠬᠤᠭᠤᠰᠣᠨ ᠭᠠᠵᠠᠷ ᠪᠣᠯ ᠲᠣᠭᠯᠠᠯᠲᠠ ᠭᠠᠷᠭᠠᠬᠤ ᠭᠠᠵᠠᠷ ᠪᠣᠯᠤᠨ᠎ᠠ᠂ ᠬᠥᠰᠢᠭᠡ ᠲᠠᠲᠠᠨ ᠬᠡᠳᠦᠨ ᠰᠠᠨᠳᠠᠯᠢ ᠲᠠᠯᠪᠢᠵᠤ᠂ ᠲᠤᠬᠯᠠᠯᠲᠠ ᠪᠠᠨ | ᠡᠬᠢᠯᠡᠭᠦᠯᠳᠡᠭ ᠪᠠᠶᠢᠪᠠ᠃ ᠵᠤᠨ ᠳᠠᠭᠠᠨ ᠰᠡᠷᠢᠭᠦᠭᠡᠨ ᠲᠠᠭᠠᠳᠠᠢ ᠪᠤᠯᠪᠠᠴᠤ ᠡᠪᠦᠯ ᠳᠡᠭᠡᠨ ᠬᠠᠯᠬᠠᠪᠴᠢ ᠨᠦᠮᠤᠷᠢ ᠦᠭᠡᠢ ᠲᠡᠰᠬᠦᠶ᠎ᠡ ᠪᠡᠷᠬᠡ᠃ ᠬᠠᠬᠢᠷ ᠬᠦᠢᠲᠡᠨ ᠰᠠᠯᠬᠢ | ᠬᠠᠤᠭᠢᠵᠦ᠂ ᠳᠠᠩ ᠨᠢᠮᠭᠡᠨ ᠲᠣᠭᠯᠠᠯᠲᠠ ᠶᠢᠨ ᠬᠤᠪᠴᠠᠰᠤ ᠲᠠᠢ ᠲᠤᠬᠯᠠᠬᠴᠢᠳ ᠲᠠᠬᠵᠢᠨ ᠴᠡᠴᠡᠷᠡᠵᠤ᠂ ᠵᠠᠷᠢᠮ ᠳᠠᠭᠠᠨ ᠲᠠᠭᠤᠴᠢᠨ ᠨᠢ ᠠᠮᠠ ᠪᠠᠨ ᠠᠩᠭᠠᠶᠢᠵᠤ | ᠴᠢᠳᠠᠬᠤ ᠥᠬᠡᠶ᠂ ᠪᠦᠵᠢᠭᠴᠢᠨ ᠨᠢ ᠠᠯᠬᠤᠯᠠᠵᠤ ᠴᠢᠳᠠᠬᠤ ᠥᠬᠡᠶ᠂ ᠬᠥᠭᠵᠢᠮ ᠤᠨ ᠠᠩᠭᠢ ᠶᠢᠨ ᠭᠡᠰᠢᠭᠦᠳ ᠤᠨ ᠬᠤᠷᠤᠭᠤ ᠨᠢ ᠬᠥᠪᠴᠢ ᠪᠠᠨ ᠳᠠᠷᠤᠵᠤ ᠴᠢᠳᠠᠬᠤ | ᠥᠬᠡᠶ ᠪᠤᠯᠳᠠᠭ ᠪᠠᠶᠢᠪᠠ᠃ | | | ︽ᠨᠢᠬᠡᠨ ᠵᠢᠯ ᠰᠤᠬᠠᠶᠢᠲᠤ ᠭᠦᠩᠱᠧ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠲᠣᠭᠯᠠᠯᠲᠠ ᠬᠢᠬᠦ ᠳᠡᠭᠡᠨ ᠲᠣᠭᠯᠠᠭᠴᠢᠳ ᠲᠠᠶᠢᠰᠠᠨ | ᠳᠡᠭᠡᠷ᠎ᠡ ᠭᠠᠷᠬᠤ ᠠᠴᠠ ᠪᠠᠨ ᠡᠮᠦᠨ᠎ᠡ ᠪᠦᠷ ᠴᠠᠭᠠᠨ ᠠᠷᠠᠰᠤᠨ ᠳᠡᠪᠡᠯ ᠨᠥᠮᠥᠷᠴᠦ᠂ ᠬᠥᠭᠵᠢᠮ ᠡᠬᠢᠯᠡᠬᠦ ᠳᠠᠷᠦ᠋ᠢᠬᠠᠨ ᠨᠦᠮᠦᠷᠭᠡ ᠪᠠᠨ ᠤᠷᠬᠢᠵᠤ ᠲᠠᠶᠢᠰᠠᠨ ᠳᠡᠭᠡᠷ᠎ᠡ | ᠭᠠᠷᠴᠤ ᠲᠣᠭᠯᠠᠯᠲᠠ ᠭᠠᠷᠭᠠᠪᠠ᠂ ᠲᠣᠭᠯᠠᠯᠲᠠ ᠲᠠᠭᠤᠰᠬᠤ ᠳᠤᠨᠢ ᠬᠦᠯ ᠬᠦᠯᠳᠡᠬᠦ ᠰᠢᠬᠠᠵᠤ ᠠᠷᠠᠰᠤᠨ ᠳᠡᠪᠡᠯ ᠢᠶᠠᠷ ᠢᠶᠠᠨ ᠪᠣᠭᠤᠵᠤ ᠪᠠᠶᠢᠬᠰᠠᠨ ᠪᠢᠯᠨ᠃ | ᠥᠩᠭᠡᠷᠡᠭᠰᠡᠨ ᠢᠶᠠᠨ ᠡᠷᠭᠢᠴᠡᠭᠦᠯᠬᠦᠶ᠎ᠡ ᠶᠠᠰᠤ ᠵᠢᠩᠭᠢᠨᠡᠭᠦᠯᠦᠭᠰᠡᠨ ᠬᠠᠬᠢᠷ ᠬᠦᠢᠲᠡᠨ ᠢ ᠡᠭᠦᠷᠢᠳᠡ ᠮᠠᠷᠲᠠᠬᠤ ᠦᠭᠡᠢ︾ ᠬᠡᠵᠤ ᠶᠠᠨ ᠱᠢ ᠶᠧ ᠶᠠᠷᠢᠯ᠎ᠠ᠃ ᠶᠠᠭ | ᠲᠠᠶᠢᠮᠤᠷᠬᠦᠦ ᠨᠦᠬᠦᠴᠡᠯ ᠳᠣᠣᠷ᠎ᠠ ᠴᠤ ᠤᠯᠠᠭᠠᠨᠮᠦ᠋ᠴᠢᠷ ᠤᠨ ᠭᠡᠰᠢᠭᠦᠳ ᠶᠡᠷᠦ ᠠᠴᠠ ᠭᠤᠮᠣᠳᠠᠯ ᠦᠭᠡᠢ ᠪᠠᠶᠢᠵᠤ᠂ ᠲᠠᠯᠠᠪᠤᠷ ᠪᠦᠷᠢ ᠶᠢᠨ ᠲᠣᠭᠯᠠᠯᠲᠠ ᠶᠢ ᠴᠥᠮ ᠲᠥᠪ | ᠴᠢᠩᠭ᠎ᠠ ᠨᠠᠷᠢᠨ ᠬᠢᠨᠠᠮᠠᠭᠠᠶ᠂ ᠥᠴᠦᠬᠡᠨ ᠴᠦ ᠣᠰᠣᠯᠳᠠᠭᠤᠯᠤᠯ ᠦᠭᠡᠢ ᠪᠡᠶᠡᠯᠡᠭᠦᠯᠳᠡᠭ᠃ | 55 ᠵᠢᠯ ᠤᠨ ᠲᠤᠷᠰᠢ ᠲᠠᠯᠠᠳ ᠬᠤᠰᠢᠭᠤᠨ ᠤ ᠤᠯᠠᠭᠠᠨᠮᠥ᠋ᠴᠢᠷ ᠨᠢ ᠦᠨᠳᠦᠰᠦᠨ ᠱᠠᠲᠤᠨ ᠳᠤ ᠰᠠᠭᠤᠷᠢᠯᠠᠵᠤ᠂ ᠠᠷᠠᠳ ᠲᠦᠮᠡᠨ ᠳᠤ ᠦᠢᠯᠡᠴᠢᠯᠡᠵᠦ᠂ | ᠦᠨᠡᠨ ᠰᠡᠳᠬᠢᠯ ᠢᠶᠠᠷ ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠨᠠᠶᠢᠵᠠ ᠨᠠᠷ ᠲᠤ ᠰᠣᠶᠣᠯ ᠤᠨ ᠲᠠᠩᠰᠤᠭ ᠬᠤᠭᠤᠯᠠ ᠶᠢ ᠬᠦᠷᠲᠡᠭᠡᠭᠰᠡᠨ ᠪᠢᠯᠡ᠃ | ᠮᠦᠨ ᠴᠤ ᠲᠠᠪᠢᠭᠠᠳ ᠵᠢᠯ ᠤᠨ ᠬᠤᠭᠤᠴᠠᠭᠠᠨ ᠳᠤ᠂ ᠤᠯᠠᠭᠠᠨᠮᠥ᠋ᠴᠢᠷ ᠤᠨ ᠭᠡᠰᠢᠭᠦᠳ ᠢᠳᠡᠪᠬᠢᠲᠡᠢ ᠰᠤᠷᠤᠯᠴᠠᠨ ᠲᠠᠰᠤᠷᠠᠯᠲᠠ ᠥᠬᠡᠶ ᠰᠢᠨ᠎ᠡ ᠶᠢ ᠡᠭᠦᠳᠴᠤ᠂ | ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠦᠭᠰᠡᠭᠡᠷ ᠢᠷᠡᠭᠰᠡᠨ ᠶᠤᠮ᠃ | ᠡᠳᠡᠭᠡᠷ ᠵᠢᠯ ᠤᠳ ᠲᠤ ᠲᠠᠯᠠᠳ ᠬᠤᠰᠢᠭᠤᠨ ᠤ ᠤᠯᠠᠭᠠᠨᠮᠦ᠋ᠴᠢᠷ ᠤᠨ ᠬᠢᠨ ᠦᠢᠯᠡᠳᠪᠦᠷᠢ ᠠᠭᠤᠷᠬᠠᠶ᠂ ᠮᠠᠯᠵᠢᠬᠤ ᠲᠠᠷᠢᠶᠠᠯᠠᠬᠤ ᠤᠷᠤᠨ ᠳᠤ ᠣᠴᠢᠬᠤ ᠠᠴᠠ | ᠭᠠᠳᠠᠨ᠎ᠠ᠂ ᠰᠣᠶᠣᠯ ᠤᠨ ᠰᠣᠯᠢᠯᠴᠠᠭᠠᠨ ᠤ ᠤᠯᠠ ᠮᠥᠷ ᠨᠢ ᠪᠠᠰᠠ ᠤᠷᠲᠤ ᠴᠠᠭᠠᠨ ᠬᠡᠷᠡᠮ ᠤᠨ ᠳᠣᠲᠣᠨ᠎ᠠ ᠭᠠᠳᠠᠨ᠎ᠠ᠂ ᠬᠦᠬᠡᠮᠦ᠋ᠷᠡᠨ ᠤ ᠡᠮᠦᠨ᠎ᠡ ᠤᠮᠠᠷ᠎ᠠ ᠪᠠᠷ | ᠲᠠᠮᠠᠭᠠᠯᠠᠬᠳᠠᠬᠰᠠᠨ ᠪᠥᠭᠡᠳ ᠰᠣᠶᠣᠯ ᠤᠨ ᠶᠠᠮᠤᠨ ᠢ ᠲᠥᠯᠥᠭᠡᠯᠡᠨ ᠺᠣᠷᠢᠶᠠ᠂ ᠲᠠᠢ ᠤᠯᠤᠰ᠂ ᠮᠠᠯᠠᠶᠢᠰᠢᠶ᠎ᠠ᠂ ᠪᠧᠩᠭᠠᠯ᠂ ᠶᠠᠫᠣᠨ᠂ ᠠᠮᠧᠷᠢᠺᠠ᠂ ᠲᠠᠶᠢᠸᠠᠨ ᠵᠡᠷᠭᠡ | ᠠᠷᠪᠠᠨ ᠬᠡᠳᠦᠨ ᠤᠯᠤᠰ ᠪᠠ ᠭᠠᠵᠠᠷ ᠣᠷᠣᠨ ᠢᠶᠠᠷ ᠠᠶᠢᠯᠴᠢᠯᠠᠵᠠᠶ᠃ 2019 ᠣᠨ ᠤ 11 ᠰᠠᠷ᠎ᠠ ᠳᠤ ᠭᠤᠸᠠᠩᠵᠧᠦ ᠳᠤ ᠶᠠᠪᠤᠭᠳᠠᠭᠰᠠᠨ ᠥᠪᠥᠷ ᠮᠣᠩᠭᠤᠯ ᠤᠨ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠡᠭᠡᠷ᠎ᠡ ᠳᠠᠯᠠᠳ ᠬᠤᠰᠢᠭᠤᠨ ᠤ ᠤᠯᠠᠭᠠᠨᠮᠥ᠋ᠴᠢᠷ ᠤᠨ | 13 ᠬᠡᠰᠢᠭᠦᠨ ᠦᠪᠦᠷ ᠮᠤᠩᠭᠤᠯ ᠢᠶᠠᠨ ᠲᠥᠯᠥᠭᠡᠯᠡᠵᠦ᠂ ᠳᠠᠭᠤᠤ ᠬᠥᠭᠵᠢᠮ ᠢᠶᠠᠷ ᠠᠬᠤᠶ ᠲᠠᠯᠠᠪᠠᠶ ᠶᠢᠨ ᠦᠵᠡᠭᠴᠢᠳ ᠢᠶᠠᠨ ᠰᠤᠬᠲᠤᠭᠤᠷᠠᠭᠤᠯᠵᠤ᠂ ᠦᠵᠡᠰᠬᠦᠯᠡᠩᠲᠦ | ᠰᠠᠶᠢᠬᠠᠨ ᠡᠬᠡ ᠨᠤᠲᠤᠭ ᠥᠪᠥᠷ ᠮᠣᠩᠭᠤᠯ ᠢᠶᠠᠨ ᠮᠠᠬᠲᠠᠨ ᠲᠠᠭᠤᠯᠠᠬᠰᠠᠨ ᠪᠠᠶᠢᠨ᠎ᠠ᠃ | ᠤᠯᠠᠭᠠᠨᠮᠦ᠋ᠴᠢᠷ — ᠨᠢᠭᠡ ᠵᠦᠢᠯ ᠤᠨ ᠵᠣᠷᠢᠭ | ᠰᠠᠨᠠᠭ᠎ᠠ ᠶᠢᠨ ᠤᠯᠠᠮᠵᠢᠯᠠᠨ ᠵᠠᠯᠭᠠᠮᠵᠢᠯᠠᠬᠴᠢ | ᠤᠯᠠᠭᠠᠨᠮᠥ᠋ᠴᠢᠷ ᠤᠨ ᠭᠡᠰᠢᠭᠦᠳ ᠤᠨ ᠤᠭ ᠰᠠᠨᠠᠭ᠎ᠠ ᠨᠢ ᠶᠠᠭᠤ ᠪᠤᠢ︖ ᠤᠯᠠᠭᠠᠨᠮᠥ᠋ᠴᠢᠷ ᠨᠢ ᠤᠳᠤ ᠨᠢᠭᠡᠨᠲᠡ ᠥᠪᠥᠷ ᠮᠣᠩᠭᠤᠯ ᠤᠨ ᠨᠢᠭᠡᠨ ᠰᠣᠶᠣᠯ ᠤᠨ | ᠰᠢᠨᠵᠢ ᠲᠡᠮᠳᠡᠭ ᠪᠤᠯᠤᠬᠰᠠᠨ ᠪᠠᠶᠢᠳᠠᠭ᠃ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠨᠠᠮ ᠤᠨ ᠲᠠᠭᠤᠨ ᠪᠣᠯᠤᠨ ᠬᠠᠶᠢᠷ᠎ᠠ | ᠬᠠᠯᠠᠮᠵᠢ ᠶᠢ ᠠᠷᠠᠳ ᠤᠯᠠᠨ ᠤ ᠳᠤᠮᠳᠠ ᠬᠦᠷᠭᠡᠵᠤ᠂ ᠤᠯᠠᠨ ᠲᠦᠮᠡᠨ ᠳᠤ ᠪᠠᠶᠠᠷ ᠵᠢᠷᠭᠠᠯ ᠢ ᠠᠪᠴᠢᠷᠠᠵᠤ᠂ ᠠᠬᠠᠮᠠᠳ ᠨᠢᠭᠡ ᠦᠶ᠎ᠡ ᠶᠢᠨ ᠤᠯᠠᠭᠠᠨᠮᠥ᠋ᠴᠢᠷ ᠤᠨ ᠵᠣᠷᠢᠭ | ᠰᠠᠨᠠᠭ᠎ᠠ ᠶᠢ ᠦᠶ᠎ᠡ ᠶᠢᠨ ᠦᠶ᠎ᠡ ᠳᠡᠭᠡᠨ ᠤᠯᠠᠮᠵᠢᠯᠠᠵᠤ᠂ ᠥᠨᠢ ᠡᠭᠦᠷᠢᠳᠡ ︿ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ﹀ ᠪᠤᠯᠤᠶ᠎ᠠ︾᠃ | ᠡᠨᠡ ᠪᠣᠯ ᠳᠠᠯᠠᠳ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ ᠳ᠋ᠠᠨ ᠱᠤ᠋ ᠯᠢᠨ ᠤ ᠤᠯᠠᠭᠠᠨᠮᠦ᠋ᠴᠢᠷ ᠤᠨ ᠣᠭ ᠰᠠᠨᠠᠭᠠᠨ ᠤ ᠲᠤᠬᠠᠶ ᠣᠶᠢᠯᠠᠭᠠᠯᠲᠠ ᠶᠤᠮ᠃ | | | | ᠲᠦᠷᠦᠭᠦᠭᠡᠨ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ | ᠰᠤᠷᠤᠯᠴᠠᠯᠭ᠎ᠠ ᠶᠢᠨ ᠬᠤᠷᠠᠯ ᠳᠡᠭᠡᠷ᠎ᠡ ᠠᠬᠠᠮᠠᠳ ᠠᠩᠭᠢ ᠶᠢᠨ ᠳᠠᠷᠤᠭ᠎ᠠ ᠶᠠᠨ ᠱᠢ ᠶᠧ ᠤᠷᠢᠯᠭ᠎ᠠ ᠪᠠᠷ ᠣᠷᠣᠯᠴᠠᠪᠠ᠃ ᠲᠡᠷᠡ ᠵᠠᠯᠠᠭᠤ ᠨᠢᠭᠡ ᠦᠶ᠎ᠡ ᠶᠢᠨ | ᠭᠡᠰᠢᠭᠦᠳ ᠲᠤ᠄ ︽ᠣᠳᠣ ᠰᠠᠶᠢᠬᠠᠨ ᠴᠠᠭ ᠦᠶ᠎ᠡ ᠪᠣᠯᠵᠠᠶ᠂ ᠵᠠᠯᠠᠭᠤᠴᠤᠳ ᠡᠨᠡ ᠰᠠᠶᠢᠬᠠᠨ ᠰᠢᠵᠢᠷ ᠠᠯᠲᠠᠨ ᠦᠶ᠎ᠡ ᠶᠢ ᠨᠠᠨᠳᠢᠩᠨᠠᠵᠤ᠂ ᠤᠯᠠᠭᠠᠨᠮᠥ᠋ᠴᠢᠷ ᠤᠨ ᠵᠣᠷᠢᠭ | ᠰᠠᠨᠠᠭ᠎ᠠ ᠶᠢ ᠦᠶ᠎ᠡ ᠶᠢᠨ ᠦᠶ᠎ᠡ ᠳᠡᠭᠡᠨ ᠤᠯᠠᠮᠵᠢᠯᠠᠬᠤ ᠶᠢ ᠬᠦᠰᠡᠵᠦ ᠪᠠᠶᠢᠨ᠎ᠠ︾ ᠬᠡᠯ ᠡ᠃ | ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠳᠠᠯᠠᠳ ᠬᠤᠰᠢᠭᠤᠨ ᠤ ᠤᠯᠠᠭᠠᠨᠮᠥ᠋ᠴᠢᠷ ᠦᠨᠳᠦᠰᠦᠨ ᠱᠠᠲᠤᠨ ᠳᠤ ᠬᠦᠨᠵᠡᠬᠡᠶᠢᠷᠡᠵᠤ᠂ ᠮᠠᠯᠵᠢᠬᠤ | ᠲᠠᠷᠢᠶᠠᠯᠠᠬᠤ ᠣᠷᠣᠨ ᠤ ᠠᠷᠠᠳ ᠲᠦᠮᠡᠨ ᠠᠴᠠ ᠶᠡᠷᠦ ᠰᠠᠯᠤᠭ᠎ᠠ ᠦᠭᠡᠢ᠃ ᠮᠠᠯᠵᠢᠬᠤ ᠲᠠᠷᠢᠶᠠᠯᠠᠬᠤ ᠣᠷᠣᠨ ᠢᠶᠠᠷ ᠲᠤᠬᠯᠠᠯᠲᠠ ᠶᠢᠨ ᠲᠠᠯᠠᠪᠤᠷ ᠢᠶᠠᠨ ᠪᠣᠯᠭᠠᠨ᠂ ᠠᠷᠠᠳ | ᠣᠯᠠᠨ ᠳᠤ ᠪᠠᠶᠠᠷ ᠪᠠᠭ᠋ᠠᠳᠤᠯ ᠠᠪᠴᠢᠷᠠᠵᠤ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠲᠠᠮᠵᠢᠭᠤᠯᠵᠤ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ | ᠰᠣᠶᠣᠯ ᠤᠷᠠᠯᠢᠭ ᠢ ᠤᠯᠠᠮᠵᠢᠯᠠᠨ ᠳᠡᠯᠭᠡᠷᠡᠭᠦᠯᠵᠦ᠂ ᠨᠠᠩ ᠴᠤ ᠨᠢᠭᠡ ᠵᠦᠢᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠪᠠᠶᠢᠨ᠎ᠠ᠃ 2019 ᠣᠨ ᠳᠤ᠂ | ᠲᠠᠯᠠᠳ ᠬᠤᠰᠢᠭᠤᠨ ᠤ ᠤᠯᠠᠭᠠᠨᠮᠥ᠋ᠴᠢᠷ ᠨᠡᠶᠢᠲᠡ 137 ᠲᠠᠯᠠᠪᠠᠶ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠠᠶ᠃ ᠡᠭᠦᠨ ᠳᠤ ᠦᠨᠳᠦᠰᠦᠨ ᠱᠠᠲᠤᠨ ᠤ | ᠠᠷᠠᠳ ᠲᠤ ᠠᠰᠢᠭ ᠬᠦᠷᠲᠡᠭᠡᠬᠦ ᠲᠣᠭᠯᠠᠯᠲᠠ 96 ᠲᠠᠯᠠᠪᠠᠶ᠂ ᠬᠤᠰᠢᠭᠤ ᠲᠣᠭᠤᠷᠢᠭ ᠪᠠ ᠰᠢ ᠠᠨ ᠳᠠᠬᠢ ᠰᠣᠶᠣᠯ ᠤᠨ ᠰᠣᠯᠢᠯᠴᠠᠭᠠᠨ ᠤ ᠲᠣᠭᠯᠠᠯᠲᠠ 27 ᠲᠠᠯᠠᠪᠠᠶ᠂ | ᠪᠤᠰᠤᠳ ᠲᠣᠭᠯᠠᠯᠲᠠ 15 ᠲᠠᠯᠠᠪᠠᠶ ᠶᠠᠪᠤᠬᠳᠠᠭᠤᠯᠪᠠ︔ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠵᠤ ᠵᠡᠭᠡᠯᠢ ᠭᠤᠳᠤᠮᠵᠢ ᠨᠡᠶᠢᠭᠡᠮ | ᠲᠣᠭᠤᠷᠢᠭ᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠰᠣᠶᠣᠯ ᠤᠨ ᠠᠵᠢᠯᠲᠠᠨ᠂ ᠰᠣᠶᠣᠯ ᠤᠨ ᠡᠷᠦᠬᠡ᠂ ᠠᠷᠠᠳ ᠤᠨ ᠰᠣᠶᠣᠯ ᠤᠨ ᠵᠣᠬᠢᠶᠠᠨ | ᠪᠠᠶᠢᠭᠤᠯᠤᠯᠲᠠ᠂ ᠠᠷᠠᠳ ᠤᠨ ᠤᠳᠬ᠎ᠠ ᠤᠷᠠᠯᠢᠭ ᠤᠨ ᠪᠠᠭ᠋ᠠᠳᠠᠤᠨ ᠲᠤ 83 ᠤᠳᠠᠭ᠎ᠠ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠣᠯᠭ᠎ᠠ ᠥᠷᠨᠢᠭᠦᠯᠪᠡ︔ ᠤᠯᠠᠨ | ᠲᠦᠮᠡᠨᠴᠢ ᠴᠢᠨᠠᠷᠲᠠᠢ ᠰᠣᠶᠣᠯ ᠤᠨ ᠦᠢᠯᠡᠴᠢᠯᠡᠭᠡᠨ ᠤ ᠠᠵᠢᠯᠯᠠᠭ᠎ᠠ ᠶᠢ 50 ᠤᠳᠠᠭ᠎ᠠ ᠥᠷᠨᠢᠭᠦᠯᠵᠡᠢ ᠁ | | | ᠦᠶ᠎ᠡ ᠦᠶ᠎ᠡ ᠶᠢᠨ ᠬᠡᠰᠢᠭᠦᠳ ᠤᠨ ᠴᠢᠷᠮᠠᠶᠢᠯᠭ᠎ᠠ ᠪᠠᠷ ᠲᠠᠯᠠᠳ ᠬᠤᠰᠢᠭᠤᠨ ᠤ ᠤᠯᠠᠭᠠᠨᠮᠥ᠋ᠴᠢᠷ ᠨᠢ ᠮᠠᠰᠢ ᠶᠡᠭᠡ ᠦᠷ᠎ᠡ ᠪᠦᠲᠦᠭᠡᠯ ᠲᠠᠢ ᠪᠤᠯᠤᠬᠰᠠᠨ ᠪᠢᠯᠡ | ᠃ 1987 ᠣᠨ ᠳᠤ ᠲᠡᠳᠡᠨ ᠤ ᠵᠤᠬᠢᠶᠠᠨ ᠪᠦᠲᠦᠭᠡᠭᠰᠡᠨ ᠤᠳᠤ ᠦᠶ᠎ᠡ ᠶᠢᠨ ᠣᠷᠣᠨ ᠨᠤᠲᠤᠭ ᠤᠨ ᠳᠠᠭᠤᠷᠢ ︽ᠬᠦᠰᠡᠯ ᠡᠷᠡᠮᠡᠯᠵᠡᠯ︾ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠥᠭᠡᠷᠡᠴᠢᠯᠡᠯᠲᠡ ᠨᠡᠭᠡᠭᠡᠯᠳᠠ ᠶᠢᠨ ᠰᠡᠳᠦᠪᠲᠦ ᠤᠳᠬ᠎ᠠ ᠤᠷᠠᠯᠢᠭ ᠤᠨ ᠲᠣᠭᠯᠠᠯᠲᠠ ᠶᠢᠨ ᠠᠯᠳᠠᠨ ᠱᠠᠩᠨᠠᠯ︾᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠵᠣᠬᠢᠶᠠᠨ ᠪᠦᠲᠦᠭᠡᠯᠭᠡ ᠶᠢᠨ ᠱᠠᠩᠨᠠᠯ︾᠂ ︽ᠰᠠᠷᠠᠨ᠎ᠠ ᠱᠠᠩᠨᠠᠯ︾ ᠭᠡᠬᠦ ᠭᠤᠷᠪᠠᠨ ᠶᠡᠭᠡ ᠱᠠᠩᠨᠠᠯ ᠢ | ᠬᠦᠷᠳᠡᠪᠡ︔ | 2006 ᠣᠨ ᠳᠤ ᠵᠦᠴᠦᠭᠡ ︽ᠪᠠᠷᠠᠭᠠᠯᠠᠯ · ᠸᠠᠩ ᠠᠶ ᠵᠣᠣ︾ ᠨᠢ ᠳᠤᠮᠳᠠᠳᠤ ᠤᠯᠤᠰ · ᠥᠪᠥᠷ ᠮᠣᠩᠭᠤᠯ ᠤᠨ ᠭᠤᠷᠪᠠᠳᠤᠭᠠᠷ ᠬᠤᠭᠤᠴᠠᠭᠠᠨ ᠤ ᠣᠯᠠᠨ | ᠤᠯᠤᠰ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠲᠤᠰᠬᠠᠶ ᠮᠡᠷᠭᠡᠵᠢᠯ ᠤᠨ ᠤᠷᠠᠨ ᠰᠠᠶᠢᠬᠠᠨ ᠤ ᠲᠣᠭᠯᠠᠯᠲᠠ ᠳᠤ ᠰᠢᠨ᠎ᠡ ᠵᠦᠴᠦᠭᠡ ᠶᠢᠨ ᠱᠠᠩᠨᠠᠯ ᠭᠥᠷᠳᠡᠪᠡ︔ | 2010 ᠣᠨ ᠤ ᠪᠥᠵᠢᠭ ︽ᠲᠦᠷᠢᠯᠲᠡ︾ ᠨᠢ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ︽ᠯᠢᠩᠬᠤ᠎ᠠ ᠬᠤᠨᠳᠠᠭᠠᠲᠤ︾ ᠪᠥᠵᠢᠭ ᠤᠨ | ᠤᠷᠤᠯᠳᠤᠭᠠᠨ ᠤ ᠮᠥᠩᠭᠦᠨ ᠱᠠᠩᠨᠠᠯ ᠢ ᠭᠥᠷᠳᠡᠭᠰᠡᠨ ᠪᠥᠭᠡᠳ 2016 ᠣᠨ ᠳᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠥᠵᠢᠭ ᠤᠨ ᠠᠯᠲᠠᠨ | ᠱᠠᠩᠨᠠᠯ ᠢ ᠭᠥᠷᠳᠡᠪᠡ︔ 2016 ᠣᠨ ᠳᠤ ᠨᠤᠲᠤᠭ ᠤᠨ ᠠᠶᠠᠯᠭᠤᠲᠤ ᠶᠠᠷᠢᠶᠠᠲᠤ ᠵᠦᠴᠦᠭᠡ ︽ᠨᠠᠭᠠᠴᠤ ᠪᠠᠨ ᠲᠠᠨᠢᠯ᠎ᠠ︾ ᠬᠡᠮᠡᠬᠦ ᠪᠦᠲᠦᠭᠡᠯ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠲᠣᠭᠤᠷᠢᠨ ᠲᠣᠭᠯᠠᠬᠤ | ᠵᠦᠴᠦᠭᠡ ᠳᠤ ᠰᠣᠩᠭᠤᠭᠳᠠᠪᠠ᠃ 2009 ᠣᠨ ᠳᠤ ᠳᠠᠯᠠᠳ ᠬᠤᠰᠢᠭᠤᠨ ᠤ ᠤᠯᠠᠭᠠᠨᠮᠥ᠋ᠴᠢᠷ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ | ᠤᠯᠠᠭᠠᠨᠮᠥ᠋ᠴᠢᠷ ᠢᠶᠠᠷ ᠦᠨᠡᠯᠡᠭᠳᠡᠪᠡ᠃ | ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠤᠯᠤᠯ᠎ᠠ | ᠰᠢᠨ᠎ᠡ ᠴᠠᠭ ᠦᠶ᠎ᠡ ᠳᠤ ᠤᠯᠠᠭᠠᠨᠮᠥ᠋ᠴᠢᠷ ᠰᠢᠨ᠎ᠡ ᠡᠭᠦᠷᠭᠡ ᠬᠠᠷᠢᠭᠤᠴᠠᠯᠭ᠎ᠠ ᠲᠠᠢ ᠪᠤᠯᠪᠠ — ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ︾ ᠭᠡᠬᠦ ᠡᠨᠡ ᠬᠦ ᠲᠤᠭ ᠢ ᠡᠷᠭᠦᠵᠦ᠂ ᠦᠨᠳᠦᠰᠦᠲᠡᠨ ᠱᠠᠲᠤᠨ ᠳᠤ ᠰᠠᠭᠤᠷᠢᠯᠠᠬᠤ ᠪᠤᠯᠤᠯ᠎ᠠ᠃ | 2018 ᠤᠨ ᠳᠤ ᠲᠠᠯᠠᠳ ᠬᠤᠰᠢᠭᠤᠨ ᠤ ᠤᠯᠠᠭᠠᠨᠮᠦ᠋ᠴᠢᠷ ᠤᠨ ᠬᠢᠨ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠠᠷᠠᠳ ᠲᠦᠮᠡᠨ ᠤ | ᠳᠤᠮᠳᠠ ᠬᠦᠷᠬᠡᠬᠦ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠤᠭᠰᠠᠨ ᠠᠴᠠ ᠨᠠᠭᠠᠰᠢ᠂ ︽ | ᠤᠯᠠᠭᠠᠨᠮᠥ᠋ᠴᠢᠷ +︾ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢᠶᠠᠷ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠰᠤᠷᠭᠠᠭᠤᠯᠢ᠂ | ᠢᠯᠠᠩᠭᠤᠶ᠎ᠠ ᠨᠡᠯᠢᠶᠡᠳ ᠪᠤᠶᠢᠳᠠ ᠪᠥᠭᠯᠡᠭᠦᠤ ᠭᠠᠵᠠᠷ ᠣᠷᠣᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠣᠯᠠᠨ | ᠲᠦᠮᠡᠨ ᠳᠤ ᠤᠷᠠᠨ ᠰᠠᠶᠢᠬᠠᠨ ᠤ ᠲᠣᠭᠯᠠᠯᠲᠠ᠂ ᠤᠨᠤᠯ ᠢ ᠤᠬᠠᠭᠤᠯᠤᠨ ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠪᠤᠯᠪᠠᠰᠤᠷᠠᠯ᠂ ᠡᠮ ᠡᠮᠨᠡᠯᠭᠡ ᠡᠷᠡᠭᠦᠯᠵᠢᠯ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠡᠯ᠎ᠡ ᠲᠥᠷᠥᠯ ᠤᠨ ᠦᠢᠯᠡᠴᠢᠯᠡᠭᠡ ᠬᠠᠩᠭᠠᠵᠤ᠂ ︽ | ᠪᠣᠯᠪᠠᠰᠤᠨ ᠦᠢᠯᠡᠳᠦᠯᠭᠡ ᠶᠢᠨ ᠲᠥᠪ︾ ᠪᠣᠯᠵᠣ᠂ ᠦᠨᠳᠦᠰᠦᠨ ᠱᠠᠲᠤᠨ ᠤ ᠣᠯᠠᠨ ᠲᠦᠮᠡᠨ ᠤ ᠬᠦᠷᠢᠶᠡᠯᠡᠯ ᠢ ᠣᠯᠤᠭᠰᠠᠨ ᠪᠠᠶᠢᠨ᠎ᠠ᠃ | ᠳᠠᠯᠠᠳ ᠬᠤᠰᠢᠭᠤᠨ ᠤ ᠽᠠᠨᠳᠠᠨᠵᠤᠤ ᠰᠤᠮᠤᠨ ᠤ ᠵᠢᠩ ᠴᠢᠤᠸᠠᠨ ᠲᠣᠰᠬᠤᠨ ᠤ ᠠᠷᠠᠳ ᠳ᠋ᠢᠩ ᠯᠢ ᠼᠠᠢ ᠮᠡᠳᠡᠷᠡᠯ ᠤᠨ ᠰᠢᠰᠲ᠋ᠧᠮ ᠤᠨ ᠡᠪᠡᠳᠴᠢᠨ ᠳᠤ | ᠨᠡᠷᠪᠡᠭᠳᠡᠵᠦ ᠬᠡᠪᠲᠡᠷᠢ ᠳᠤ ᠣᠷᠣᠵᠠᠶ᠃ ᠤᠳᠬ᠎ᠠ ᠤᠷᠠᠯᠢᠭ ᠲᠤ ᠪᠠᠭ᠋ᠠᠲᠠᠶ ᠳ᠋ᠢᠩ ᠯᠢ ᠼᠠᠢ ᠵᠥᠪᠬᠡᠨ ᠲᠧᠯᠸᠢᠰ ᠪᠣᠯᠤᠨ ᠭᠠᠷ ᠤᠲᠠᠰᠤᠨ ᠳᠡᠭᠡᠷ᠎ᠡ ᠲᠣᠭᠯᠠᠯᠲᠠ | ᠦᠵᠡᠵᠦ᠂ ᠠᠯᠢ ᠨᠢᠭᠡᠨ ᠡᠳᠦᠷ ᠣᠷᠣᠨ ᠠᠴᠠ ᠪᠠᠨ ᠪᠠᠭᠤᠵᠤ ᠲᠤᠬᠠᠶ ᠶᠢᠨ ᠲᠠᠯᠠᠪᠤᠷ ᠲᠤ ᠬᠦᠷᠴᠦ ᠨᠢᠭᠡ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠦᠵᠡᠬᠦ ᠶᠢ | ᠬᠦᠰᠡᠵᠦ ᠪᠠᠶᠢᠪᠠ᠃ ᠡᠨᠡ ᠬᠦ ᠪᠠᠶᠢᠳᠠᠯ ᠢ ᠳ᠋ᠠᠨ ᠱᠦ ᠯᠢᠨ ᠣᠶᠢᠯᠠᠭᠠᠭᠰᠠᠨ ᠤ ᠳᠠᠷᠠᠭ᠎ᠠ᠂ ᠤᠯᠠᠭᠠᠨᠮᠦ᠋ᠴᠢᠷ ᠤᠨ 5 ᠬᠡᠰᠢᠭᠦᠨ ᠢ ᠳᠠᠭᠠᠭᠤᠯᠤᠨ ᠳ᠋ᠢᠩ ᠯᠢ ᠼᠠᠢ ᠶᠢᠨ | ᠬᠡᠷ ᠲᠤ ᠬᠦᠷᠴᠦ ᠳᠠᠭᠤᠤ᠂ ᠪᠥᠵᠢᠭ᠂ ᠮᠣᠷᠢᠨ ᠬᠤᠭᠤᠷ ᠲᠠᠲᠠᠵᠤ ᠤᠯᠠᠭᠠᠨᠮᠥ᠋ᠴᠢᠷ ᠤᠨ ᠬᠠᠶᠢᠷ᠎ᠠ ᠬᠠᠯᠠᠮᠵᠢ ᠪᠠᠨ ᠢᠯᠡᠳᠬᠡᠭᠰᠡᠨ ᠪᠠᠶᠢᠨ᠎ᠠ᠃ | ᠳ᠋ᠠᠨ ᠱᠤ᠋ ᠯᠢᠨ᠄ ︽ᠤᠯᠠᠨ ᠲᠦᠮᠡᠨ ᠲᠠᠢ ᠣᠶᠢᠷᠠᠳᠴᠤ᠂ ᠤᠯᠠᠮᠵᠢᠯᠠᠭᠳᠠᠵᠤ ᠳᠡᠶᠢᠯᠬᠦ ᠪᠦᠲᠦᠭᠡᠯ ᠢ ᠵᠤᠬᠢᠶᠠᠨ ᠪᠦᠲᠦᠭᠡᠵᠤ᠂ ᠦᠯᠡᠳᠡᠭᠡᠵᠦ ᠳᠡᠶᠢᠯᠬᠦ | ᠰᠢᠯᠢᠳᠡᠭ ᠪᠦᠲᠦᠭᠡᠯ ᠭᠠᠷᠭᠠᠬᠤ ᠪᠣᠯ ᠮᠠᠨ ᠤ ᠬᠤᠶᠢᠰᠢᠳᠠ ᠶᠢᠨ ᠴᠢᠷᠮᠠᠶᠢᠬᠤ ᠴᠢᠭᠯᠡᠯ ᠪᠣᠯᠤᠨ᠎ᠠ᠃ ᠪᠢᠳᠡ ᠦᠷᠭᠦᠯᠵᠢᠯᠡᠨ ᠠᠷᠠᠳ ᠤᠨ ᠲᠤᠮᠳᠠ ᠭᠦᠨᠵᠡᠭᠡᠶᠢᠷᠡᠨ᠂ | ᠳᠠᠯᠠᠳ ᠭᠡᠬᠦ ᠡᠨᠡ ᠬᠦ ᠥᠩ ᠰᠢᠮᠡᠯᠢᠭ ᠬᠥᠷᠥᠰᠥᠨ ᠳᠤ ᠦᠨᠳᠦᠰᠦᠯᠡᠵᠦ᠂ ︿ᠤᠷᠤᠨ ᠨᠤᠲᠤᠭ ᠤᠨ ᠦᠨᠦᠷ ᠠᠮᠳᠠ﹀ ᠪᠦᠬᠦᠢ ᠤᠷᠠᠯᠢᠭ ᠤᠨ ᠰᠣᠳᠣᠨ ᠪᠦᠲᠦᠭᠡᠯ ᠢ | ᠢᠯᠡᠭᠦᠬᠡᠨ ᠵᠣᠬᠢᠶᠠᠨ ᠪᠦᠲᠦᠭᠡᠵᠦ᠂ ᠨᠤᠲᠤᠭ ᠤᠨ ᠰᠣᠶᠣᠯ ᠢ ᠰᠠᠶᠢᠲᠤᠷ ᠤᠯᠠᠮᠵᠢᠯᠠᠵᠤ᠂ ᠤᠯᠠᠭᠠᠨᠮᠥ᠋ᠴᠢᠷ ᠤᠨ ᠳᠠᠪᠠᠭᠤᠯᠢᠭ ᠢᠶᠠᠷ ᠳᠠᠯᠠᠳ ᠤᠨ ᠰᠤᠶᠤᠯ ᠤᠷᠠᠯᠢᠭ ᠢ | ᠤᠯᠠᠮᠵᠢᠯᠠᠨ ᠲᠡᠯᠭᠡᠷᠡᠭᠦᠯᠤᠶ ᠠ︾ ᠬᠡᠵᠤ ᠰᠤᠷᠪᠤᠯᠵᠢᠯᠠᠬᠴᠢ ᠳᠤ ᠶᠠᠷᠢᠪᠠ᠃ | | | | | | |