ᠮᠠᠨ ᠤ ᠬᠤᠰᠢᠭᠤ ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠳᠣᠯᠣᠳᠤᠭᠠᠷ ᠤᠳᠠᠭ᠎ᠠ ᠶᠢᠨ ᠠᠯᠪᠠᠯᠠᠬᠤ ᠬᠤᠷᠠᠯ ᠢ ᠬᠦᠯᠢᠶᠡᠨ ᠠᠪᠴᠦ ᠦᠵᠡᠪᠡ
ᠨᠡᠶᠢᠲᠡᠯᠡᠭᠰᠡᠨ ᠴᠠᠭ᠄
2020/5/21
      ᠤᠢᠢᠷ᠎ᠡ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠡᠴᠡᠨᠪᠢᠯᠢᠭ ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠳᠣᠯᠣᠳᠤᠭᠠᠷ ᠤᠳᠠᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠪᠦᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ᠂ ᠥᠷᠢ ᠥᠭᠴᠡᠭᠡ ᠶᠢ ᠠᠷᠢᠯᠭᠠᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠡᠷᠡᠭᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠤᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠤᠤ ᡁᠢ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ ᠬᠤᠷᠠᠯ ᠳᠤ ᠣᠷᠣᠯᠴᠠᠵᠠᠶ᠃

          ᠰᠡᠴᠡᠨᠪᠢᠯᠢᠭ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠣᠯ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ

ᠴᠢᠬᠤᠯᠠ ᠬᠦᠴᠦᠨ ᠵᠦᠢᠯ ᠪᠤᠯᠤᠨ᠎ᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠨᠡᠮᠡᠭᠳᠡᠯ ᠢ ᠲᠣᠭᠲᠠᠭᠤᠨ ᠪᠠᠶᠢᠯᠭᠠᠵᠤ᠂ ᠬᠥᠭᠵᠢᠯᠲᠡ ᠶᠢ ᠠᠬᠢᠭᠤᠯᠬᠤ

ᠭᠤᠤᠯ ᠭᠠᠷᠳᠠᠴᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠤᠨ ᠤ ᠬᠠᠷᠠᠯᠲᠠ

ᠡᠭᠦᠷᠭᠡ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠵᠤ᠂ ᠲᠣᠬᠢᠷᠠᠭᠤᠯᠤᠯᠲᠠ ᠶᠢ ᠠᠬᠢᠭᠤᠯᠬᠤ ᠠᠷᠭ᠎ᠠ

ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠢ

ᠨᠢᠭᠡᠳᠦᠯᠲᠡᠶ ᠲᠥᠯᠥᠪᠵᠢᠬᠦᠯᠤᠨ ᠠᠬᠢᠭᠤᠯᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠴᠠᠭ ᠬᠢᠵᠠᠭᠠᠷᠯᠠᠨ ᠭᠡᠳᠡᠷᠭᠦ ᠰᠢᠬᠠᠬᠤ

ᠪᠠ ᠬᠤᠯᠪᠣᠭᠠᠯᠠᠨ ᠱᠠᠯᠠᠪᠳᠠᠭᠤᠯᠵᠤ ᠭᠦᠢᠴᠡᠳᠬᠡᠬᠦ ᠶᠢ ᠴᠢᠩᠭᠠᠳᠬᠠᠵᠤ᠂ ᠲᠥᠷᠥᠯ ᠵᠦᠢᠯ ᠢ ᠲᠥᠰᠦᠪᠯᠡᠬᠦ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ

ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠬᠡᠪ ᠢᠶᠠᠷ ᠵᠣᠬᠢᠴᠠᠭᠤᠯᠤᠨ ᠰᠢᠢᠳᠪᠤᠷᠢᠯᠡᠵᠦ᠂ ᠨᠢᠭᠡ ᠪᠦᠯᠦᠭ ᠢ

ᠤᠬᠠᠭᠠᠯᠠᠬᠤ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠬᠢᠨᠠᠨ ᠵᠥᠪᠰᠢᠶᠡᠷᠡᠬᠦ᠂ ᠨᠢᠭᠡ ᠪᠦᠯᠦᠭ ᠤᠨ ᠠᠵᠢᠯ ᠢ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ

ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠤᠨ ᠡᠷᠬᠢᠯᠳᠤᠨ ᠦᠷᠬᠦᠯᠵᠢᠯᠡᠬᠦ ᠮᠠᠶ᠋ᠢᠭ ᠤᠨ ᠠᠬᠢᠭᠤᠯᠬᠤ ᠲᠣᠭᠲᠠᠴᠠ ᠶᠢ ᠴᠢᠷᠮᠠᠶᠢᠨ

ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      

      ᠰᠡᠴᠡᠨᠪᠢᠯᠢᠭ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠬᠦ ᠪᠣᠯ ᠨᠢᠭᠡ ᠵᠦᠢᠯ ᠤᠨ ᠲᠥᠪ ᠴᠢᠩᠭ᠎ᠠ ᠤᠯᠤᠰ

ᠲᠥᠷᠥ ᠶᠢᠨ ᠡᠭᠦᠷᠭᠡ ᠮᠦᠨ᠂ ᠣᠳᠣᠬᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠳᠠᠯ ᠳᠣᠤᠷ᠎ᠠ᠂ ᠨᠠᠩ ᠴᠤ ᠥᠷᠢ

ᠥᠭᠴᠡᠭᠡ ᠶᠢ ᠠᠷᠢᠯᠭᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠠᠭ ᠢ ᠬᠢᠵᠠᠭᠠᠷᠯᠠᠬᠤ ᠦᠵᠡᠯ ᠤᠬᠠᠮᠰᠠᠷ᠂

ᠨᠠᠶᠢᠳᠠᠪᠤᠷᠢᠵᠢᠭᠤᠯᠬᠤ ᠦᠵᠡᠯ ᠤᠬᠠᠮᠰᠠᠷ ᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ

ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠤᠮᠳᠠ ᠪᠠᠭ᠎ᠠ ᠠᠵᠤ ᠠᠬᠤᠶᠢᠯᠠᠯ ᠤᠨ ᠳᠠᠩᠰᠠᠨ ᠵᠣᠭᠤᠰ ᠢ ᠢᠯᠭᠠᠷᠠᠭᠤᠯᠬᠤ

ᠠᠵᠢᠯ ᠢ ᠰᠠᠶᠢᠲᠤᠷ ᠬᠢᠵᠦ᠂ ︽ᠴᠠᠭ ᠬᠤᠭᠤᠴᠠᠭ᠎ᠠ ᠨᠢ ᠬᠠᠭᠠᠰ ᠥᠡᠭᠭᠡᠷᠡᠪᠡᠯ᠂ ᠡᠭᠦᠷᠭᠡ ᠨᠢ ᠬᠠᠭᠠᠰ ᠪᠡᠶᠡᠯᠡᠭᠳᠡᠬᠦ︾ ᠶᠢ ᠪᠠᠲᠦᠯᠠᠵᠦ᠂ ᠪᠦᠬᠦ ᠵᠢᠯ ᠤᠨ ᠬᠠᠷᠠᠯᠲᠠ

ᠡᠭᠦᠷᠭᠡ ᠪᠠᠨ ᠪᠡᠶᠡᠯᠡᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ

ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠡᠴᠡᠨᠪᠢᠯᠢᠭ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠣᠯ ᠮᠠᠨ ᠤ ᠬᠤᠲᠠ ᠶᠢᠨ ᠪᠥᠲᠥᠭᠡᠨ

ᠪᠠᠶᠢᠭᠤᠯᠤᠯᠲᠠ ᠶᠢᠨ ᠲᠥᠷᠥᠯ ᠵᠦᠢᠯ ᠤᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠤᠷᠢᠯᠡᠬᠦ ᠴᠢᠬᠤᠯᠠ ᠠᠷᠭ᠎ᠠ ᠵᠠᠮ ᠮᠥᠨ᠃ ᠲᠤᠰᠬᠠᠶ ᠵᠦᠢᠯ ᠤᠨ

ᠵᠢᠭᠡᠯᠡᠯᠭᠡ ᠶᠢᠨ ᠲᠡᠮᠳᠡᠭᠳᠤ ᠲᠠᠷᠬᠠᠭᠠᠬᠤ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠵᠤ᠂

ᠡᠮᠦᠨᠡᠬᠢ ᠬᠤᠭᠤᠴᠠᠭᠠᠨ ᠤ ᠰᠠᠭᠤᠷᠢ ᠠᠵᠢᠯ ᠢ ᠪᠣᠳᠠᠲᠠᠶᠢᠵᠢᠭᠤᠯᠵᠤ᠂ ᠲᠥᠷᠥᠯ ᠵᠦᠢᠯ ᠢ ᠲᠥᠰᠦᠪᠯᠡᠨ ᠰᠤᠷᠲᠠᠯᠴᠢᠯᠠᠬᠤ ᠪᠠ ᠳᠡᠭᠡᠳᠦ ᠳᠣᠤᠷᠠᠳᠤ ᠱᠠᠲᠤ ᠶᠢ

ᠵᠣᠯᠭᠠᠭᠤᠯᠬᠤ ᠶᠢ ᠰᠠᠶᠢᠲᠤᠷ ᠬᠢᠵᠦ᠂ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠲᠦᠷᠭᠡᠳᠬᠡᠬᠦ ᠭᠡᠷᠡᠭᠳᠡᠢ︔ ᠬᠥᠳᠡᠯᠦᠩᠭᠦᠢ

ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠢ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠶᠢ

ᠢᠳᠡᠪᠬᠢᠲᠡᠢ ᠵᠣᠬᠢᠶᠠᠨ ᠪᠠᠶᠢᠭᠤᠯᠬᠤ ᠬᠡᠷᠡᠭᠲᠡᠢ︔ ᠲᠥᠷᠥᠯ ᠵᠦᠢᠯ ᠢ ᠮᠡᠳᠡᠭᠦᠯᠬᠦ ᠳᠤ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠬᠦᠴᠦᠨ ᠵᠦᠢᠯ ᠤᠨ

ᠪᠠᠲᠤᠯᠠᠭ᠎ᠠ ᠶᠢ ᠴᠢᠩᠭᠠᠷᠠᠭᠤᠯᠤᠨ᠂ ᠵᠢᠭᠡᠯᠡᠯᠭᠡ ᠶᠢᠨ ᠲᠡᠮᠳᠡᠭᠳᠤ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠦᠷᠭᠡᠨ ᠦᠷ᠎ᠡ ᠪᠦᠲᠦᠮᠵᠢ ᠣᠯᠬᠤ ᠶᠢ ᠦᠨᠡᠨ ᠬᠦ

ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      

 

        ᠬᠤᠷᠠᠯᠳᠤᠭᠠᠨ ᠨᠢ ᠬᠠᠷᠠᠭᠠᠨ ᠳᠠᠪᠳᠠᠮᠵᠢ ᠶᠢᠨ ᠬᠡᠯᠪᠡᠷᠢ ᠪᠠᠷ ᠶᠠᠪᠤᠭᠳᠠᠵᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ

 ᠤ ᠬᠤᠰᠢᠭᠤ ᠳᠠᠷᠤᠭ᠎ᠠ ᠭᠤᠤ ᠬᠤᠸᠠᠢ ᠵᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ

ᠵᠤᠤ ᠶᠦᠩ ᠹᠧᠩ᠂ ᠳᠠᠯᠠᠳ ᠠᠵᠦ ᠠᠬᠤᠢ ᠶᠢᠨ ᠨᠡᠭᠡᠭᠡᠯᠳᠡ ᠶᠢᠨ ᠤᠷᠤᠨ ᠤ ᠨᠠᠮ ᠤᠨ ᠠᠵᠢᠯᠯᠠᠬᠤ ᠵᠦᠪᠯᠡᠯ ᠤᠨ ᠱᠦᠵᠢ ᠪᠠᠢ ᠸᠧᠨ ᠺᠧ ᠵᠢᠴᠢ ᠬᠤᠰᠢᠭᠤᠨ ᠤ

ᠰᠢᠭᠤᠳ ᠬᠠᠷᠢᠶ᠎ᠠ ᠬᠤᠯᠪᠤᠭᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠮᠠᠨ ᠤ ᠬᠤᠰᠢᠭᠤᠨ ᠤ ᠰᠠᠯᠪᠤᠷᠢ ᠬᠤᠷᠠᠯ ᠤᠨ ᠲᠠᠯᠠᠪᠠᠢ ᠳᠤ ᠬᠤᠷᠠᠯ ᠳᠤ

ᠤᠷᠤᠯᠴᠠᠪᠠ᠃  

               

       

        ᠬᠤᠷᠠᠯ ᠲᠡᠭᠡᠷ᠎ᠡ᠂ ᠭᠤᠤ ᠬᠤᠸᠠᠢ ᠵᠢᠩ ᠪᠦᠬᠦ ᠬᠤᠰᠢᠭᠤᠨ ᠤ ᠡᠯ᠎ᠡ ᠭᠤᠤᠯᠳᠠᠯᠭᠠᠳᠤ ᠳᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠳᠤᠬᠠᠢ ᠬᠠᠷᠢᠭᠤ

ᠮᠡᠳᠡᠭᠦᠯᠦᠯᠳᠡ ᠬᠢᠵᠡᠢ᠃ ᠬᠤᠷᠠᠯ ᠤᠨ ᠳᠠᠷᠠᠭ᠎ᠠ᠂ ᠭᠤᠤ ᠬᠤᠸᠠᠢ ᠵᠢᠩ ᠡᠨᠡ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠵᠦ

᠂ ᠳᠦᠷᠦᠯ ᠵᠦᠢᠯ ᠤᠨ ᠵᠤᠬᠢᠴᠠᠭᠤᠯᠤᠯᠳᠠ ᠶᠢ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠰᠠᠨᠠᠭᠠᠴᠢᠯᠠᠭ᠎ᠠ ᠠᠴᠠ ᠪᠠᠨ ᠬᠤᠯᠪᠤᠯᠳᠤᠨ᠂ ᠠᠵᠢᠯᠯᠠᠬᠤ

ᠠᠷᠭ᠎ᠠ ᠪᠠᠷᠢᠯ ᠢᠶᠠᠨ ᠴᠢᠩᠭᠠᠳᠬᠠᠵᠦ᠂ ᠪᠦᠬᠦ ᠵᠢᠯ ᠤᠨ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠬᠠᠷᠠᠯᠳᠡ ᠡᠭᠦᠷᠭᠡ ᠪᠠᠨ  ᠪᠡᠶᠡᠯᠡᠭᠦᠯᠬᠦ ᠶᠢ

ᠪᠠᠳᠤᠯᠠᠬᠤ ᠬᠡᠷᠡᠭᠳᠡᠢ᠃ ᠵᠢᠭᠡᠯᠡᠯᠭᠡ ᠶᠢᠨ ᠳᠡᠮᠳᠡᠭᠳᠦ ᠶᠢ ᠭᠤᠶᠤᠴᠢᠯᠠᠨ ᠮᠡᠳᠡᠭᠦᠯᠬᠦ ᠬᠦᠴᠦᠯᠡᠴᠡ ᠪᠠᠨ ᠴᠢᠨᠠᠭᠰᠢᠳᠡ ᠴᠢᠩᠭᠠᠳᠬᠠᠨ᠂ ᠪᠦᠬᠦ ᠬᠤᠰᠢᠭᠤᠨ ᠤ ᠠᠵᠦ

ᠠᠬᠤᠢ ᠨᠡᠶᠢᠬᠡᠮ ᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ