ᠰᠠᠶ᠋ᠢᠬᠠᠨ︕  ᠳᠠᠯᠠᠳ ᠬᠤᠰᠢᠭᠤ 2020 ᠣᠨ ᠤ ᠪᠠᠩᠬᠢ ᠪᠠ ᠠᠵᠤ ᠠᠬᠤᠶᠢᠯᠠᠯ ᠤᠨ ᠪᠠᠯᠠ ᠮᠦᠩᠭᠦ ᠴᠤᠭᠯᠠᠭᠤᠯᠬᠤ ᠵᠦᠪᠳᠡᠯᠴᠡᠭᠡᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/5/26
       5 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠳᠠᠯᠠᠳ ᠬᠤᠰᠢᠭᠤ 2020 ᠣᠨ ᠤ ᠪᠠᠩᠬᠢ ᠪᠠ ᠠᠵᠤ ᠠᠬᠤᠶᠢᠯᠠᠯ ᠤᠨ ᠪᠠᠯᠠ ᠮᠦᠩᠭᠦ ᠴᠤᠭᠯᠠᠭᠤᠯᠬᠤ ᠵᠦᠪᠳᠡᠯᠴᠡᠭᠡᠷ ᠤᠨ ᠬᠤᠷᠠᠯ ᠬᠤᠷᠠᠯᠳᠤᠪᠠ᠃

        ᠡᠨᠡ ᠤᠳᠠᠭᠠᠨ ᠤ ᠪᠠᠩᠬᠢ ᠪᠠ ᠠᠵᠤ ᠠᠬᠤᠶᠢᠯᠠᠯ ᠤᠨ ᠪᠠᠯᠠ ᠮᠦᠩᠭᠦ ᠴᠤᠭᠯᠠᠭᠤᠯᠬᠤ ᠵᠦᠪᠳᠡᠯᠴᠡᠭᠡᠷ ᠤᠨ ᠬᠤᠷᠠᠯ ᠨᠢ ᠵᠠᠰᠠᠭ ᠤᠨ ᠣᠷᠳᠣᠨ ᠤ

ᠲᠠᠪᠴᠠᠩ ᠢᠶᠠᠷ ᠳᠠᠮᠵᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠬᠡᠮ ᠤᠨ

ᠬᠥᠭᠵᠢᠯᠲᠡ ᠶᠢᠨ ︽ᠬᠤᠶᠠᠷ ᠲᠠᠯ᠎ᠠ ᠶᠢ ᠠᠳᠬᠤᠬᠤ᠂ ᠬᠤᠶᠠᠷ ᠢ ᠰᠠᠭᠠᠲᠠᠭᠠᠬᠤ ᠦᠭᠡᠢ︾ ᠪᠠᠶᠢᠬᠤ ᠶᠢ ᠨᠢᠭᠡᠳᠦᠯᠳᠡᠢ ᠲᠥᠯᠥᠪᠯᠡᠨ ᠠᠬᠢᠭᠤᠯᠵᠤ᠂ ᠥᠷᠭᠡᠨ ᠣᠯᠠᠨ

ᠠᠵᠤ ᠠᠬᠤᠶᠢᠯᠠᠯ᠂  ᠬᠤᠷᠰᠢᠶᠠᠵᠢᠯ ᠪᠤᠯᠤᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ

ᠶᠠᠪᠤᠴᠠ ᠳᠤ ᠳᠤᠯᠭᠠᠷᠠᠭᠰᠠᠨ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠬᠦᠴᠦ ᠪᠠᠨ ᠬᠠᠮᠲᠤᠳᠬᠠᠨ ᠰᠢᠶᠳᠪᠦᠷᠢᠯᠡᠵᠦ᠂ ᠪᠦᠬᠦ ᠬᠤᠰᠢᠭᠤᠨ ᠤ ᠠᠵᠤ

ᠦᠢᠯᠡᠰ ᠤᠨ ᠬᠡᠯᠬᠢᠶ᠎ᠡ ᠶᠢᠨ ᠬᠤᠯᠪᠣᠭᠠᠯᠠᠨ ᠬᠥᠳᠡᠯᠦᠯᠴᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠣᠨᠣᠪᠴᠢᠲᠠᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ

ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠠᠮᠲᠤᠪᠠᠷ ᠠᠬᠢᠭᠤᠯᠤᠨ᠎ᠠ᠃                                                            

                           

       ᠬᠤᠰᠢᠭᠤᠨ  ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠭᠤᠤ ᠬᠤᠸᠠᠢ ᠵᠢᠩ᠂ ᠬᠤᠰᠢᠭᠤᠨ ᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠣᠣ ᠶᠦᠩ ᠹᠧᠩ᠂ ᠵᠠᠰᠠᠭ ᠤᠨ ᠣᠷᠳᠣᠨ ᠤ ᠳᠡᠳ᠋ ᠬᠤᠰᠢᠭᠤ

ᠳᠠᠷᠤᠭ᠎ᠠ ᠳ᠋ᠦ᠋ ᠰᠢᠶᠤᠤ ᠶᠠᠨ᠂ ᠪᠠᠶ ᠭᠦᠸᠧ ᠳ᠋ᠦᠩ ᠬᠤᠷᠠᠯ ᠳᠤ ᠣᠷᠣᠯᠴᠠᠪᠠ︔ ᠳᠤᠮᠳᠠᠳᠤ ᠤᠯᠤᠰ ᠤᠨ ᠪᠠᠩᠬᠢ ᠶᠢᠨ ᠣᠷᠳᠣᠰ ᠬᠤᠲᠠ ᠶᠢᠨ ᠬᠤᠪᠢᠶᠠᠷᠢ

ᠪᠠᠩᠬᠢ ᠶᠢᠨ ᠳᠠᠷᠤᠭ᠎ᠠ ᠯᠢᠨ ᠶᠦᠨ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠣᠷᠳᠣᠰ ᠬᠤᠲᠠ ᠶᠢᠨ ᠬᠤᠪᠢᠶᠠᠷᠢ ᠪᠠᠩᠬᠢ ᠶᠢᠨ ᠳᠡᠳ᠋

ᠳᠠᠷᠤᠭ᠎ᠠ ᠵᠠᠩ ᠵᠧᠨ ᠴᠢᠩ᠂ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠢᠨᠠᠭᠴᠢ ᠵᠢᠨ‌‍ᠲ᠋ᠠᠷᠤᠭ᠎ᠠ ᠭᠡᠷᠡᠯᠲᠦ

ᠤᠷᠢᠯᠭ᠎ᠠ ᠪᠠᠷ ᠵᠥᠪᠳᠡᠯᠴᠡᠬᠡᠷ ᠤᠨ ᠬᠤᠷᠠᠯ ᠳᠤ ᠣᠷᠣᠯᠴᠠᠪᠠ᠃ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠨᠡᠭᠡᠭᠡᠯᠲᠡ ᠶᠢᠨ ᠲᠣᠭᠤᠷᠢᠭ ᠤᠨ

ᠬᠠᠷᠢᠭᠤᠴᠠᠯᠭᠠᠲᠠᠨ᠂ ᠬᠤᠰᠢᠭᠤᠨ ᠳᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ᠂

ᠬᠤᠷᠰᠢᠶᠠᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠵᠥᠪᠳᠡᠨ ᠶᠠᠷᠢᠯᠴᠠᠬᠤ ᠬᠤᠷᠠᠯ ᠳᠤ ᠣᠷᠣᠯᠴᠠᠪᠠ᠃    

                               

      ᠭᠤᠤ ᠬᠤᠸᠠᠢ ᠵᠢᠩ ᠶᠠᠷᠢᠶ᠎ᠠ ᠲᠠᠯᠪᠢᠪᠠ᠃

       ᠵᠣᠣ ᠶᠦᠩ ᠹᠧᠩ ᠬᠤᠷᠠᠯ ᠢ ᠡᠷᠭᠢᠯᠡᠪᠡ᠃

      ᠬᠤᠷᠠᠯ ᠳᠡᠭᠡᠷ᠎ᠡ ᠡᠯ᠎ᠡ ᠠᠵᠤ ᠠᠬᠤᠶᠢᠯᠠᠯ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ᠂ ᠬᠤᠷᠰᠢᠶᠠᠯᠠᠯ ᠤᠨ ᠬᠠᠷᠢᠭᠤᠴᠠᠯᠭᠠᠳᠠᠨ ᠪᠠᠩᠬᠢ ᠲᠠᠢ

ᠵᠦᠪᠳᠡᠯᠴᠠᠪᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ