ᠭᠡᠰᠢᠭᠦᠨ ᠬᠠᠰᠲᠠᠨ᠎ᠠ᠄ ᠰᠥᠨᠢᠳ ᠪᠠᠷᠠᠭᠤᠨ ᠬᠤᠰᠢᠭᠤᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠦ᠋ᠴᠢᠷ ᠤᠨ ᠺᠠᠳ᠋ᠷ ᠤᠨ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠬᠤ ᠲᠤᠬᠠᠢ ᠰᠠᠨᠠᠭᠤᠯᠭ᠎ᠠ ᠳᠤᠷᠠᠳᠪᠠ
ᠨᠡᠶᠢᠲᠡᠯᠡᠭᠰᠡᠨ ᠴᠠᠭ᠄
2020/5/26
       ᠠᠷᠠᠳ ᠤᠨ ᠰᠦᠯᠵᠢᠶ᠎ᠡ ᠶᠢᠨ ᠪᠡᠭᠡᠵᠢᠩ ᠤᠨ 5 ᠰᠠᠷ᠎ᠠ ᠶᠢᠨ 25 ᠤ ᠡᠳᠦᠷ ᠤᠨ ᠮᠡᠳᠡᠭᠡ ︵ᠳᠣᠷᠣᠨ᠎ᠠ︶ 5 ᠰᠠᠷ᠎ᠠ ᠶᠢᠨ21 ᠤ ᠡᠳᠦᠷ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠪᠡᠭᠡᠵᠢᠩ ᠳᠤ ᠡᠬᠢᠯᠡᠪᠡ᠃ ᠪᠥᠬᠦ ᠤᠯᠤᠰ ᠤᠨ ᠤᠯᠤᠰ  ᠬᠠᠰᠲᠠᠨ᠎ᠠ ᠡᠨᠡ ᠵᠢᠯ ᠶᠡᠭᠡ ᠬᠤᠷᠠᠯ ᠳᠤ ᠰᠥᠨᠢᠳ ᠪᠠᠷᠠᠭᠤᠨ ᠬᠤᠰᠢᠭᠤᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠤᠯᠠᠭᠠᠨᠮᠥ᠋ᠴᠢᠷ ᠤᠨ ᠺᠠᠳ᠋ᠷ ‍ᠤᠨ‌‍ᠲ᠋ᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ ᠳᠡᠪᠰᠢᠭᠦᠯᠪᠡ᠃  

 

       ᠬᠠᠰᠲᠠᠨ᠎ᠠ ᠬᠡᠯᠡᠬᠦ ᠳᠡᠭᠡᠨ᠂ 2017 ᠣᠨ ᠤ 11 ᠰᠠᠷ᠎ᠠ ᠶᠢᠨ 21 ᠤ  ᠡᠳᠦᠷ᠂  ᠶᠡᠷᠦᠩᠬᠡᠶ ᠱᠦᠵᠢ ᠰᠢ ᠵᠢᠨ‌‍ᠫᠢᠩ ᠤᠨ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠰᠥᠨᠢᠳ  ᠪᠠᠷᠠᠭᠤᠨ ᠬᠤᠰᠢᠭᠤᠨ ᠤ ᠤᠯᠠᠭᠠᠨᠮᠥ᠋ᠴᠢᠷ ‍ᠤᠨ‌‍ᠭᠡᠰᠢᠭᠦᠳ ᠲᠤ ᠥᠭᠭᠦᠭᠰᠡᠨ ᠬᠠᠷᠢᠭᠤ ᠵᠠᠬᠢᠳᠠᠯ ᠨᠢ ᠤᠯᠠᠭᠠᠨᠮᠥ᠋ᠴᠢᠷ ᠤᠨ

ᠦᠯᠦᠭᠡᠢ ᠨᠤᠲᠤᠭ ᠤᠨ ᠠᠷᠠᠳ ᠲᠦᠮᠡᠨ ᠢ ᠵᠣᠷᠢᠭᠵᠢᠭᠤᠯᠤᠭᠰᠠᠭᠠᠷ ᠢᠷᠡᠵᠡᠢ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ

ᠴᠢᠬᠤᠯᠠ‌‍ᠶᠠᠷᠢᠶᠠᠨ ᠤ ᠵᠣᠷᠢᠭ ᠰᠠᠨᠠᠭ᠎ᠠ ᠪᠣᠯᠣᠨ ᠪᠥᠬᠦ ᠤᠯᠤᠰ ᠲᠤ ᠭᠦᠨᠵᠡᠭᠡᠶ ᠥᠷᠨᠢᠭᠦᠯᠦᠭᠰᠡᠨ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ‌‍ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ 60 ᠭᠠᠷᠤᠶ ᠵᠢᠯ ‍ᠤᠨ‌‍ᠲ᠋ᠤᠷᠰᠢ᠂ ᠦᠶ᠎ᠡ ᠦᠶ᠎ᠡ ᠶᠢᠨ

ᠤᠯᠠᠭᠠᠨᠮᠥ᠋ᠴᠢᠷ ᠤᠨ ᠲᠤᠭᠯᠠᠭᠴᠢᠳ ᠦᠨᠳᠦᠰᠦᠨ ᠱᠠᠲᠤᠨ ᠳᠤ ᠦᠨᠳᠦᠰᠦᠯᠡᠵᠦ᠂ ᠦᠨᠳᠦᠰᠦᠨ‌‍ᠱᠠᠲᠤᠨ ᠳᠤ ᠦᠢᠯᠡᠴᠢᠯᠡᠨ᠂ ᠦᠨᠳᠦᠰᠦᠨ ᠱᠠᠲᠤᠨ ᠳᠤ ᠴᠢᠷᠮᠠᠶᠢᠨ

ᠲᠡᠮᠡᠴᠡᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ‌‍ᠲ᠋ᠦ᠋ᠮᠡᠨ ᠳᠤ ᠦᠢᠯᠡᠴᠢᠯᠡᠬᠦ ᠠᠮᠢᠳᠤᠷᠠᠬᠤᠶ ᠶᠢᠨ ᠦᠵᠡᠯᠲᠡ᠂ᠥᠷᠲᠡᠭ ‍ᠤᠨ‌ᠦᠵᠡᠯᠲᠡ‌‍ᠪᠠ‌ᠨᠠᠮ ‍ᠤᠨ‌ᠦᠢᠯᠡᠰ

 ᠲᠤ ᠦᠨᠡᠨᠴᠢ ᠰᠢᠳᠤᠷᠭᠤ ᠤᠳᠬ᠎ᠠ ᠤᠷᠠᠯᠢᠭ ᠤᠨ ᠹᠷᠣᠨᠲ ᠤᠨ ᠲᠤᠭ ᠢ ᠮᠠᠨᠳᠤᠭᠤᠯᠤᠭᠰᠠᠨ ᠢ ᠪᠡᠶᠡᠴᠢᠯᠡᠨ ᠣᠶᠢᠯᠠᠭᠠᠯ᠎ᠠ᠃ ᠤᠯᠠᠭᠠᠨᠮᠥ᠋ᠴᠢᠷ ‍ᠤᠨ‌ᠵᠣᠷᠢᠭ ᠰᠠᠨᠠᠭ᠎ᠠ

ᠨᠢᠭᠡᠨᠲᠡ ᠣᠲᠣ ᠦᠶ᠎ᠡ ᠶᠢᠨ ᠳᠤᠮᠳᠠᠳᠤ ᠤᠯᠤᠰ ᠤᠨ ᠰᠣᠶᠣᠯ ᠤᠨ ᠨᠢᠭᠡᠨ ᠲᠡᠮᠳᠡᠭ ᠪᠣᠯᠵᠣ᠂ ᠦᠨᠳᠦᠰᠦᠲᠡᠨ ᠤ ᠲᠡᠮᠡᠴᠡᠯ ᠤᠨ ᠵᠣᠷᠢᠭ ᠰᠠᠨᠠᠭᠠᠨ ᠤ ᠪᠡᠯᠭᠡ ᠲᠡᠮᠳᠡᠭ

ᠪᠣᠯᠤᠭᠰᠠᠨ ᠪᠠᠶᠢᠨ᠎ᠠ ᠭᠡᠵᠡᠢ᠃          

      ᠰᠥᠨᠢᠳ ᠪᠠᠷᠠᠭᠤᠨ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠢᠯᠠᠲᠠᠭ᠂ ᠰᠢᠯᠢ ᠶᠢᠨ ᠭᠤᠤᠯ

ᠠᠶᠢᠮᠠᠭ ᠤᠨ ᠪᠠᠷᠠᠭᠤᠨ ᠶᠡᠭᠡ ᠬᠠᠭᠠᠯᠭ᠎ᠠ᠂ ︽ᠨᠢᠭᠡ ᠪᠦᠰᠡ‌ᠨᠢᠭᠡ ᠵᠠᠮ︾ ᠤᠨ ᠠᠵᠤ ᠠᠬᠤᠶ ᠶᠢᠨ ᠲᠣᠮᠣ ᠯᠤᠭᠰᠢᠭᠤᠨ ᠰᠤᠳᠠᠯ ᠳᠡᠭᠡᠷᠡᠬᠢ ᠴᠢᠬᠤᠯᠠ ᠵᠠᠩᠭᠢᠯᠠᠭ᠎ᠠ ᠶᠢᠨ

ᠴᠡᠭ ᠪᠣᠯᠤᠨ᠎ᠠ᠃ ᠲᠡᠷᠡ ᠨᠢ ᠠᠩᠬᠠᠳᠠᠭᠴᠢ ᠤᠯᠠᠭᠠᠨᠮᠥ᠋ᠴᠢᠷ ᠤᠨ ᠡᠩᠨᠡᠭᠡ ᠮᠡᠨᠳᠦᠯᠡᠭᠰᠡᠨ ᠭᠠᠵᠠᠷ ᠪᠣᠯᠣᠭᠰᠠᠨ ᠤ ᠬᠤᠪᠢ ᠳᠤ ᠤᠯᠠᠭᠠᠨᠮᠥ᠋ᠴᠢᠷ ᠤᠨ ᠣᠭ ᠰᠠᠨᠠᠭ᠎ᠠ ᠶᠢ

ᠭᠡᠷᠡᠴᠢᠯᠡᠨ‌ᠦᠯᠡᠳᠡᠭᠡᠵᠦ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠥᠭᠭᠦᠭᠰᠡᠨ ᠬᠠᠷᠢᠭᠤ  ᠵᠠᠬᠢᠳᠠᠯ ᠢ ᠲᠣᠰᠣᠭᠰᠠᠨ ᠭᠠᠵᠠᠷ

ᠪᠣᠯᠣᠭᠰᠠᠨ ᠤ ᠬᠤᠪᠢ ᠳᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ  ᠪᠠᠳᠠᠷᠠᠭᠤᠯᠬᠤ ᠠᠭᠤᠤ ᠶᠡᠭᠡ ᠡᠭᠦᠷᠭᠡ ᠶᠢ ᠡᠭᠦᠷᠭᠡᠯᠡᠵᠦ ᠪᠠᠶᠢᠨ᠎ᠠ᠃    

       ᠬᠠᠰᠲᠠᠨ᠎ᠠ ᠢᠯᠡᠷᠬᠡᠶᠢᠯᠡᠬᠦ ᠳᠡᠭᠡᠨ᠂ ᠰᠥᠨᠢᠳ ᠪᠠᠷᠠᠭᠤᠨ ᠬᠤᠰᠢᠭᠤᠨ ᠤ ᠦᠨᠴᠦᠭ ᠪᠣᠯᠣᠩ ᠪᠣᠯᠭᠠᠨ ᠳᠤ ᠤᠯᠠᠭᠠᠨᠮᠥ᠋ᠴᠢᠷ ᠤᠨ ᠰᠣᠶᠣᠯ ᠤᠨ ᠢᠮ

ᠲᠠᠮᠠᠭ᠎ᠠ ᠲᠠᠢ ᠶᠤᠮ᠃ ᠲᠡᠷᠡ ᠨᠢ ᠤᠯᠠᠭᠠᠨᠮᠥ᠋ᠴᠢᠷ ᠤᠨ ᠪᠣᠶ ᠪᠣᠯᠣᠭᠰᠠᠨ᠂ ᠬᠦᠭᠵᠢᠭᠰᠡᠨ‌‍ᠪᠠ ᠰᠢᠨ᠎ᠡ ᠶᠢ ᠡᠭᠦᠳᠦᠨ ᠪᠤᠵᠠᠭᠠᠶᠢᠷᠠᠭᠰᠠᠨ‌ᠠᠮᠢᠳᠤ ᠲᠡᠤᠬᠡ ᠪᠣᠯᠬᠤᠷ᠂ ᠡᠬᠢ

ᠪᠠᠶᠠᠯᠢᠭ ᠤᠨ ᠳᠠᠪᠠᠭᠤᠯᠢᠭ ᠢ ᠵᠢᠭᠠᠨ‌‍ᠰᠤᠷᠭᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠠᠰᠢᠭᠳᠢ ᠶᠤᠮ‌‍ᠭᠡᠪᠡ᠃ ᠡᠶᠢᠮᠦ ᠡᠴᠠ‌‍ᠲ᠋ᠡᠷᠡ‌ᠥᠪᠥᠷ

ᠮᠣᠩᠭᠤᠯ ‍ᠤᠨ‌ᠥᠪᠡᠷᠲᠡᠭᠡᠨ‌ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠦᠷᠦᠭᠦᠯᠡᠨ‌‍ᠰᠥ᠋ᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ‍ᠤᠨ‌ᠡᠬᠢ ᠪᠠᠶᠠᠯᠢᠭ ᠤᠨ

ᠳᠠᠪᠠᠭᠤᠯᠢᠭ ᠢ ᠵᠢᠭᠠᠨ‌‍ᠰᠤᠷᠭᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠤᠪᠢᠰᠬᠠᠯ ᠤᠨ ᠬᠥᠮᠦᠵᠢᠯ ᠪᠠ ᠨᠠᠮᠴᠢ ᠴᠢᠨᠠᠷ ‍ᠤᠨ‌‍ᠬᠥ᠋ᠮᠦᠵᠢᠯ ᠢᠶᠠᠷ ᠭᠤᠤᠯᠳᠠᠯᠭ᠎ᠠ

ᠪᠣᠯᠭᠠᠭᠰᠠᠨ‌ᠥᠪᠥᠷ  ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠺᠠᠳ᠋ᠷ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠶᠢ ᠰᠠᠨᠠᠭᠠᠴᠢᠯᠠᠵᠠᠢ᠃  

   

       ᠡᠨᠡ ᠪᠣᠯ ᠪᠣᠳᠠᠲᠠᠢ ᠲᠠᠢ ᠪᠠᠨ‌ᠤᠶᠠᠯᠳᠤᠭᠤᠯᠤᠨ ᠤᠨᠤᠯ ᠤᠨ ᠰᠤᠳᠤᠯᠭᠠᠨ‌ᠥᠷᠨᠢᠭᠦᠯᠵᠦ᠂ ᠳᠤᠮᠳᠠᠳᠤ ᠤᠯᠤᠰ ‍ᠤᠨ‌ᠣᠨᠴᠠᠯᠢᠭ ᠲᠠᠢ ᠤᠯᠠᠭᠠᠨᠮᠥ᠋ᠴᠢᠷ ‍ᠤᠨ‌ᠵᠣᠷᠢᠭ

ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ  ᠪᠦᠲᠦᠮᠵᠢᠲᠡᠢ ᠠᠷᠭ᠎ᠠ ᠵᠠᠮ‌‍ᠪᠣᠯᠤᠨ᠎ᠠ ᠭᠡᠵᠦ ᠬᠠᠰᠲᠠᠨ᠎ᠠ ᠬᠡᠯᠡᠪᠡ᠃      

ᠢᠷᠡᠯᠲᠡ᠄ ᠠᠷᠠᠳ ᠤᠨ ᠰᠦᠯᠵᠢᠶ᠎ᠡ