ᠭᠦᠡᠭ ᠮᠢᠩ ᠵᠦ ᠲᠦᠯᠦᠭᠡᠯᠡᠭᠴᠢ᠄ ᠡᠭᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ  ᠤᠷᠤᠨ ᠢᠶᠠᠨ ᠪᠠᠳᠤ ᠰᠠᠬᠢᠨ᠎ᠠ
ᠨᠡᠶᠢᠲᠡᠯᠡᠭᠰᠡᠨ ᠴᠠᠭ᠄
2020/5/26
      5 ᠰᠠᠷ᠎ᠠ ᠶᠢᠨ22 ᠤᠨ ᠦᠳᠡ ᠶᠢᠨ ᠬᠤᠶᠢᠨ᠎ᠠ᠂ ᠶᠡᠷᠦᠩᠭᠡᠢ ᠱᠦᠵᠢ ᠰᠢ ᠶᠢᠨ ᠫᠢᠡᠭ ᠲᠡᠭᠦᠨ ᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ‍ᠤᠨ‌ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ‌ᠵᠦ᠋ᠪᠯᠡᠬᠦ ᠳᠤ ᠤᠷᠤᠯᠴᠠᠵᠦ᠂ ᠲᠦᠯᠦᠭᠡᠯᠡᠭᠴᠢ ᠲᠠᠢ ᠬᠠᠮᠳᠤ ᠪᠠᠷ ᠤᠯᠤᠰ ᠤᠨ ᠶᠠᠪᠤᠳᠠᠯ ᠢ ᠵᠦᠪᠳᠠᠯᠴᠠᠵᠠᠢ᠃ ᠡᠨᠡ ᠪᠤᠯ ᠶᠡᠷᠦᠩᠭᠡᠢ ᠱᠦᠵᠢ ᠶᠢᠨ ᠭᠤᠷᠪᠠᠳᠡᠬᠢ ᠤᠳᠠᠭ᠎ᠠ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠵᠤ  ᠪᠠᠶᠢᠭ᠎ᠠ  ᠶᠠᠪᠤᠳᠠᠯ‌‍ᠶᠤᠮ᠃ ᠭᠤᠷᠪᠠ ᠤᠳᠠᠭ᠎ᠠ ᠠᠬᠤᠢ ᠲᠠᠯᠠᠪᠠᠢ ᠳᠤ ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ ᠶᠢ ᠰᠤᠨᠤᠰᠤᠬᠰᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ  ᠭᠦᠭᠵᠢᠬᠦᠯᠦᠯᠳᠠ ᠪᠠ ᠦᠭᠡᠷᠡᠴᠢᠯᠡᠯᠳᠠ ᠵᠢᠨ‌ᠵᠦ᠋ᠪᠯᠡᠯ ᠤᠨ ᠡᠷᠬᠢᠯᠡᠭᠴᠢ ᠭᠦᠡᠭ ᠮᠢᠩ ᠵᠦ ᠶᠢᠨ ᠢᠳᠡᠭᠡᠯ ᠵᠤᠷᠢᠭ ᠬᠦᠪᠴᠢᠯᠡᠭᠳᠡᠨ᠎ᠠ᠃  

     

     ︽ᠶᠡᠷᠦᠩᠭᠡᠢ ᠱᠦᠵᠢ ᠦᠪᠦᠷ ᠮᠤᠩᠭᠤᠯ ᠤᠨ ᠡᠯ᠎ᠠ ᠲᠦᠷᠦᠯ ᠤᠨ ᠠᠵᠢᠯ ᠦᠢᠯᠡᠰ ᠤᠨ ᠭᠦᠭᠵᠢᠯᠳᠠ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠬᠢᠨᠠᠨ

ᠵᠦᠪᠯᠡᠬᠦ ᠠᠬᠤᠢ ᠲᠠᠯᠠᠪᠠᠢ ᠳᠤ ᠶᠡᠷᠦᠩᠭᠡᠢ ᠱᠦᠵᠢ ᠠᠷᠠᠳ ᠤᠨ ᠰᠠᠨᠠᠯ ᠢ ᠰᠤᠨᠤᠰᠴᠦ᠂ ᠨᠠᠷᠢᠨ ᠵᠦᠢᠯᠡᠰ ᠢ ᠠᠰᠠᠭᠤᠨ ᠯᠠᠪᠯᠠᠭᠰᠠᠨ ᠨᠢ ᠦᠪᠦᠷ ᠮᠤᠩᠭᠤᠯ ᠤᠨ 2500

ᠭᠠᠷᠤᠢ ᠲᠦᠮᠡᠨ ᠦᠨᠳᠦᠰᠦᠳᠡᠨ ᠨᠦᠭᠦᠳ ‍ᠤᠨ‌ᠠᠷᠠᠳ ᠲᠦᠮᠡᠨ ᠳᠠᠬᠢ ᠲᠤᠳᠤᠨᠤ ᠬᠠᠯᠠᠮᠵᠢᠯᠠᠯ ᠢ ᠬᠦᠢᠴᠡᠳ ᠢᠯᠡᠷᠡᠬᠦᠯᠵᠡᠢ︾ ᠭᠡᠵᠦ ᠭᠦᠡᠭ ᠮᠢᠩ ᠵᠦ ᠲᠦᠯᠦᠭᠡᠯᠡᠭᠴᠢ

ᠭᠡᠯᠡᠨ᠎ᠠ᠃        

     ᠦᠡᠭᠭᠡᠷᠡᠭᠰᠡᠨ ᠨᠢᠭᠡ ᠵᠢᠯ ᠳᠤ ᠮᠠᠨ ᠤ ᠤᠷᠤᠨ ᠰᠢᠨ᠎ᠠ ᠭᠦᠭᠵᠢᠯᠳᠠ ᠶᠢᠨ ᠤᠢᠢᠯᠠᠭᠠᠬᠳᠠᠬᠤᠨ ᠢ ᠡᠷᠡᠰ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ

ᠪᠤᠳᠤᠯᠬᠢᠯᠠᠵᠦ᠂ ᠪᠤᠬᠢᠷᠳᠦᠯ ᠦᠭᠡᠢ ᠪᠠᠷ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠵᠠᠮ ᠢᠶᠠᠷ ᠵᠠᠮᠨᠠᠵᠤ᠂ ᠶᠡᠷᠦᠩᠭᠡᠢ

ᠱᠦᠵᠢ ᠰᠢ ᠶᠢᠨ ᠫᠢᠡᠭ ᠤᠨ ᠴᠢᠬᠤᠯᠠ‌‍ᠶᠠᠷᠢᠶᠠᠨ ᠤ ᠵᠤᠷᠢᠭ ᠰᠠᠨᠠᠭ᠎ᠠ ᠶᠢ ᠦᠪᠦᠷ  ᠮᠤᠩᠭᠤᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ  ᠪᠦᠬᠦ ᠬᠦᠴᠦᠨ ᠢᠶᠠᠷ

ᠠᠬᠢᠭᠤᠯᠵᠠᠢ᠃        

     ︽ᠡᠨᠡ ᠤᠳᠠᠭ᠎ᠠ ᠶᠡᠷᠦᠩᠭᠡᠢ ᠱᠦᠵᠢ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ᠂ ᠠᠷᠠᠳ

ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠤᠢᠢᠯᠠᠭᠠᠬᠲᠠᠬᠤᠨ ᠢ ᠪᠠᠳᠤ ᠪᠤᠢ ᠪᠤᠯᠭᠠᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ

ᠪᠠᠶᠢᠯᠲᠤᠬᠤ ᠪᠤᠲᠤᠯᠭ᠎ᠠ ᠵᠢᠨ‌‍ᠲ᠋ᠤᠭᠲᠠᠯ ᠬᠦᠴᠦᠨ ᠵᠶ᠋ᠠᠨ‌‍ᠪᠠᠳᠤᠯᠠᠵᠤ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠵᠤ᠂ ᠪᠤᠬᠢᠷᠲᠤᠯ ᠦᠭᠡᠢ ᠪᠠᠷ ᠬᠦᠭᠵᠢᠭᠦᠯᠬᠦ

ᠤᠲᠤᠷᠢᠲᠤᠮᠵᠢ ᠶᠢ ᠪᠠᠲᠤ ᠪᠤᠢ ᠪᠤᠯᠭᠠᠵᠦ᠂ ᠬᠦᠬᠡ ᠤᠬᠲᠠᠷᠭᠤᠢ᠂ ᠬᠦᠭᠡᠮᠲᠦᠭ ᠤᠰᠤ᠂ ᠠᠷᠢᠭᠤᠨ‌‍ᠬᠦ᠋ᠷᠦᠰᠦ ᠵᠢᠨ‌ᠬᠠᠮᠠᠭᠠᠯᠠᠯᠲᠠ ᠶᠢᠨ ᠲᠠᠶᠢᠯᠠᠯᠳᠤᠭᠠᠨ ᠢ ᠦᠷᠭᠦᠯᠵᠢᠯᠡᠨ

ᠰᠠᠶᠢᠲᠦᠷ ᠬᠢᠵᠦ᠂ ᠡᠬᠡ ᠤᠯᠤᠰ ᠤᠨ ᠤᠮᠠᠷᠠᠲᠦ ᠶᠢᠨ ᠡᠨᠡ ᠬᠦ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠨᠡᠩ ᠪᠠᠲᠦ ᠪᠠᠬᠢ ᠴᠤᠬᠴᠠᠯᠠᠬᠤ

ᠬᠡᠷᠡᠭᠲᠡᠢ ᠭᠡᠵᠦ ᠵᠢᠭᠠᠵᠤ ᠭᠠᠷᠭᠠᠪᠠ᠃  ᠶᠡᠷᠦᠩᠭᠡᠢ ᠱᠦᠵᠢ ᠶᠢᠨ ᠴᠢᠬᠤᠯᠠ‌‍ᠶᠠᠷᠢᠶ᠎ᠠ ᠨᠢ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠠᠵᠢᠯ ᠢ‌‍ᠰᠠᠶᠢᠳᠤᠷ ᠬᠢᠬᠦ ᠳᠤ

ᠪᠦᠬᠦ ᠲᠠᠯ᠎ᠠ ᠶᠢᠨ ᠴᠢᠨᠠᠷᠳᠠᠢ᠂ ᠦᠨᠳᠦᠰᠦᠨ ᠴᠢᠨᠠᠷᠳᠠᠢ ᠪᠠ ᠪᠠᠶᠢᠯᠳᠤᠬᠤ ᠪᠤᠳᠤᠯᠭ᠎ᠠ ᠶᠢᠨ  ᠴᠢᠨᠠᠷᠳᠠᠢ ᠵᠢᠯᠤᠭᠤᠳᠬᠤ ᠠᠴᠢ ᠬᠤᠯᠪᠤᠬᠳᠠᠯ ᠲᠠᠢ ᠪᠠᠶᠢᠵᠤ᠂

ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠬᠤ ᠳᠤ ᠤᠷᠤᠬᠰᠢᠯᠠᠬᠤ ᠴᠢᠭᠯᠡᠯ ᠢ ᠵᠢᠭᠠᠨ ᠦᠭᠴᠦ᠂ ᠪᠢᠳᠡᠨ ᠤ ᠡᠷᠡᠮᠡᠭᠡᠶᠢᠯᠡᠨ ᠲᠡᠮᠡᠴᠡᠬᠦ

ᠢᠳᠡᠭᠡᠯ ᠵᠤᠷᠢᠭ ᠢ ᠬᠦᠪᠴᠢᠯᠠᠯ᠎ᠠ︾ ᠭᠡᠵᠤ ᠬᠦᠡᠭ ᠮᠢᠩ ᠵᠤ᠋ ᠲᠦᠯᠦᠭᠡᠯᠡᠭᠴᠢ ᠶᠠᠷᠢᠵᠤ ᠪᠠᠶᠢᠯ᠎ᠠ᠃        

ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ