ᠠᠯᠲᠠᠨᠰᠠᠩ ᠭᠡᠰᠢᠭᠦᠨ᠄ ︽ᠢᠨᠲ᠋ᠧᠷ ᠰᠦᠯᠵᠢᠶ᠎ᠡ + ᠮᠣᠩᠭᠤᠯ ᠬᠡᠯᠡᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ︾ ᠢ ᠲᠦᠷᠭᠡᠬᠡᠨ ᠰᠢᠯᠢᠳᠡᠭᠵᠢᠭᠦᠯᠬᠦ ᠶᠢ ᠰᠠᠨᠠᠭᠤᠯᠪᠠ
ᠨᠡᠶᠢᠲᠡᠯᠡᠭᠰᠡᠨ ᠴᠠᠭ᠄
2020/5/27
      ᠠᠷᠠᠳ ᠤᠨ ᠰᠦᠯᠵᠢᠶ᠎ᠡ ᠶᠢᠨ ᠪᠡᠭᠡᠵᠢᠩ ᠤᠨ 5 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ ︵ᠳᠣᠷᠣᠨ᠎ᠠ︶ 5ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠪᠥᠬᠦ  ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ‌ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠪᠡᠭᠡᠵᠢᠩ ᠳᠤ ᠡᠬᠢᠯᠡᠪᠡ᠃ ᠪᠦᠬᠦ ᠤᠯᠤᠰ ‍ᠤᠨ‌ᠤᠯᠤᠰ ᠲᠥᠷᠥ ᠵᠢᠨ‌ᠵᠥ᠋ᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ᠵᠠᠬᠢᠷᠤᠯ ᠠᠯᠲᠠᠨᠰᠠᠩ ᠡᠨᠡ ᠵᠢᠯ ᠶᠡᠭᠡ ᠬᠤᠷᠠᠯ ᠳᠤ ᠬᠤᠶᠠᠷ ᠳᠤᠷᠠᠳᠤᠯᠭ᠎ᠠ ᠳᠡᠪᠰᠢᠭᠦᠯᠵᠡᠶ᠃ ᠡᠭᠦᠨ ᠳᠤ ᠨᠢᠭᠡ ᠨᠢ ᠪᠣᠯ  ︽ᠢᠨᠲ᠋ᠧᠷ ᠰᠦᠯᠵᠢᠶ᠎ᠡ + ᠮᠣᠩᠭᠤᠯ ᠸᠢᠴᠠᠲ ᠤᠨ ᠣᠯᠠᠨ ᠨᠡᠶᠢᠲᠡ ᠶᠢᠨ ᠲᠠᠪᠴᠠᠩ︾ ᠢ ᠲᠦᠷᠭᠡᠬᠡᠨ ᠰᠢᠯᠢᠳᠡᠭᠵᠢᠭᠦᠯᠬᠦ ᠶᠢ ᠰᠠᠨᠠᠭᠤᠯᠪᠠ᠃      

      ᠮᠡᠳᠡᠭᠡ ᠵᠠᠩᠭᠢᠵᠢᠯᠲᠠ ᠨᠢ ᠳᠤᠮᠳᠠᠳᠤ ᠶᠢᠨ ᠦᠨᠳᠦᠰᠦᠲᠡᠨ ᠳᠤ ᠣᠯᠳᠠᠬᠤᠶ᠎ᠠ ᠪᠡᠷᠬᠡ ᠠᠵᠠ ᠲᠣᠬᠢᠶᠠᠯ ᠢ

ᠠᠪᠴᠢᠷᠠᠵᠤ᠂ ᠡᠷᠬᠡᠪᠰᠢ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠡᠤᠬᠡᠨ ᠠᠵᠠ ᠲᠣᠬᠢᠶᠠᠯ ᠢ ᠬᠤᠷᠴᠠ

ᠰᠡᠷᠭᠡᠭ ᠢᠶᠠᠷ ᠣᠯᠵᠤ ᠠᠳᠬᠤᠨ᠂ ᠰᠦᠯᠵᠢᠶᠡᠨ ᠳᠡᠭᠡᠷᠡᠬᠢ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ

ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠨ᠂ ᠰᠦᠯᠵᠢᠶᠡᠨ ᠤ

ᠳᠠᠮᠵᠢᠭᠤᠯᠭ᠎ᠠ ᠶᠢᠨ ᠣᠶᠢᠯᠠᠭᠠᠭᠳᠠᠬᠤᠨ᠂ ᠠᠭᠤᠯᠭ᠎ᠠ᠂ ᠬᠡᠯᠪᠡᠷᠢ᠂ ᠠᠷᠭ᠎ᠠ᠂ ᠰᠤᠷᠭᠠᠨ ᠬᠦᠮᠦᠵᠢᠯ ᠵᠡᠷᠭᠡ ᠠᠷᠭ᠎ᠠ

ᠪᠠᠷᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠮᠡᠳᠡᠭᠡ ᠵᠠᠩᠭᠢ ᠶᠢᠨ ᠬᠦᠷᠢᠶᠡᠨ ᠳᠠᠬᠢ ᠭᠤᠣᠯ ᠮᠡᠷᠭᠡᠵᠢᠯ ᠤᠨ

ᠰᠢᠪᠲᠤᠯᠤᠯᠲᠠ ᠶᠢ ᠠᠬᠢᠭᠤᠯᠵᠤ᠂ᠠᠵᠤ ᠠᠬᠤᠶ ᠨᠡᠶᠢᠭᠡᠮ ‍ᠤᠨ‌‍ᠬᠥ᠋ᠭᠵᠢᠯᠲᠡ ᠳᠤ ᠦᠵᠡᠭᠦᠯᠬᠦ ᠮᠡᠳᠡᠭᠡ ᠵᠠᠩᠭᠢᠵᠢᠯᠲᠠ ᠶᠢᠨ

ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃      

      ᠠᠯᠲᠠᠨᠰᠠᠩ ᠬᠡᠯᠡᠬᠦ ᠳᠤ ᠪᠠᠨ᠂ ᠦᠨᠳᠦᠰᠦᠲᠡᠨ ᠤ ᠬᠡᠯᠡ ᠪᠣᠯ ᠴᠥᠭᠡᠨ ᠲᠣᠭᠠᠲᠤ ᠦᠨᠳᠦᠰᠦᠲᠡᠨ ᠤ

ᠭᠠᠳᠠᠭᠠᠳᠤ ᠣᠷᠴᠢᠨ ᠲᠠᠢ ᠬᠠᠷᠢᠯᠴᠠᠬᠤ ᠭᠤᠣᠯ ᠪᠠᠭᠠᠵᠢ ᠶᠤᠮ᠃ ᠮᠡᠳᠡᠭᠡ ᠵᠠᠩᠭᠢᠵᠢᠯᠲᠠ᠂  ᠰᠦᠯᠵᠢᠶᠡᠵᠢᠯᠲᠡ᠂  

ᠤᠶᠤᠨᠴᠢᠯᠠᠯᠳᠠ ᠶᠢᠨ ᠴᠠᠭ ᠦᠶ᠎ᠡ ᠶᠢᠨ ᠦᠨᠳᠦᠰᠦᠲᠡᠨ ᠤ ᠦᠭᠡ ᠬᠡᠯᠡ  ᠦᠰᠦᠭ  ᠪᠢᠴᠢᠭ ᠤᠨ  ᠤᠯᠠᠮᠵᠢᠯᠠᠨ

ᠲᠠᠷᠬᠠᠭᠠᠬᠤ  ᠮᠡᠷᠭᠡᠵᠢᠯ ᠨᠢ ᠲᠤᠬᠠᠶ ᠵᠢᠨ‌ᠭᠠᠵᠠᠷ ᠤᠨ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠲᠠᠢ

ᠬᠤᠯᠪᠣᠭᠳᠠᠬᠤ ᠪᠠᠷ ᠪᠠᠷᠠᠬᠤ ᠦᠭᠡᠶ᠃ ᠪᠠᠰᠠ ᠨᠡᠶᠢᠭᠡᠮ ‍ᠤᠨ‌‍ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠶ ᠳᠤᠨᠢ

ᠣᠨᠣᠪᠴᠢᠲᠠᠶ ᠬᠠᠷᠢᠭᠤ ᠲᠤᠰᠬᠠᠬᠤ ᠪᠠ ᠮᠠᠨ ᠤ  ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠳᠤ

ᠬᠤᠯᠪᠣᠭᠳᠠᠬᠤ ᠶᠤᠮ᠃ ᠰᠦᠯᠵᠢᠶ᠎ᠡ ᠨᠢ ᠦᠵᠡᠯ ᠰᠠᠨᠠᠭᠠᠨ ᠤ ᠵᠢᠯᠣᠭᠤᠳᠣᠯᠭ᠎ᠠ ᠬᠢᠬᠦ᠂ᠮᠡᠳᠡᠭᠡ ᠵᠠᠩᠭᠢ ᠳᠠᠮᠵᠢᠭᠤᠯᠬᠤ᠂

ᠮᠡᠳᠡᠯᠭᠡ ᠲᠦᠭᠡᠮᠡᠯᠵᠢᠭᠦᠯᠬᠦ ᠳᠤ ᠰᠢᠨ᠎ᠡ ᠪᠠᠷ ᠪᠣᠢ ᠪᠣᠯᠣᠭᠰᠠᠨ ᠪᠦᠲᠦᠮᠵᠢᠲᠡᠶ ᠠᠷᠭ᠎ᠠ ᠪᠠᠷᠢᠯ ᠪᠣᠯᠤᠭᠰᠠᠨ ᠤ ᠬᠤᠪᠢ ᠳᠤ

᠂ ᠬᠥᠮᠦᠰ ᠤᠨ ᠠᠮᠢᠳᠤᠷᠠᠯ ᠳᠤ ᠮᠠᠰᠢ ᠣᠯᠠᠨ ᠳᠦᠭᠦᠮ‌ᠦᠵᠡᠭᠦᠯᠵᠦ᠂  ᠬᠠᠷᠢᠯᠴᠠᠭᠠᠨ ᠤ ᠬᠠᠷᠰᠢ ᠰᠠᠭᠠᠳ ᠢ ᠠᠷᠢᠯᠭᠠᠬᠤ

ᠪᠦᠲᠦᠮᠵᠢᠲᠡᠶ ᠠᠷᠭ᠎ᠠ ᠪᠠᠷᠢᠯ ᠪᠣᠯᠵᠠᠢ᠃        

      ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠸᠢᠴᠠᠲ ᠤᠨ ᠠᠮᠢ ᠠᠬᠤᠶ ᠶᠢᠨ ᠰᠢᠰᠲ᠋ᠧᠮ ᠨᠢ ᠨᠢᠭᠡᠨᠲᠡ

ᠣᠯᠠᠨ‌ᠨᠡᠶᠢᠲᠡ ᠶᠢᠨ ᠨᠡᠶᠢᠭᠡᠮ ᠤᠨ ᠬᠠᠷᠢᠯᠴᠠᠭᠠᠨ ᠤ ᠬᠠᠮᠤᠭ ᠤᠨ ᠴᠢᠬᠤᠯᠠ ᠪᠠᠭᠠᠵᠢ ᠶᠢᠨ ᠨᠢᠭᠡ ᠪᠣᠯᠤᠭᠰᠠᠨ ᠪᠥᠭᠡᠳ

ᠪᠠᠰᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠴᠢᠬᠤᠯᠠ ᠲᠠᠯᠠᠪᠤᠷ ᠪᠣᠯᠤᠭᠰᠠᠨ ᠪᠠᠶᠢᠨ᠎ᠠ᠃ ᠥᠪᠥᠷ ᠮᠣᠩᠭᠤᠯ ᠤᠨ ᠡᠯ᠎ᠡ

 ᠵᠠᠰᠠᠭ  ᠵᠠᠬᠢᠷᠭ᠎ᠠ  ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠬᠤᠪᠢ ᠬᠥᠮᠦᠨ ᠴᠥᠮ ᠲᠤᠰ

ᠰᠢᠰᠲ᠋ᠧᠮ ᠳᠤ ᠸᠢᠴᠠᠲ ᠤᠨ ᠣᠯᠠᠨ‌ᠨᠡᠶᠢᠲᠡ ᠶᠢᠨ ᠨᠣᠮᠧᠷ ᠢ ᠨᠡᠭᠡᠭᠡᠵᠡᠢ᠃ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠰᠦᠯᠵᠢᠶᠡᠨ ᠤ ᠠᠮᠤᠷ ᠲᠦᠪᠰᠢᠨ‌‍ᠪᠠ ᠮᠡᠳᠡᠭᠡ ᠵᠠᠩᠭᠢᠵᠢᠯᠲᠠ ᠶᠢᠨ ᠵᠥᠪᠯᠡᠯ ‍ᠤᠨ‌ᠠᠯᠪᠠᠨ ᠬᠡᠷ ᠤᠨ

ᠮᠥᠷᠳᠡᠨ ᠵᠠᠳᠠᠯᠤᠭᠰᠠᠨ ᠢᠶᠠᠷ᠂ ᠣᠳᠣᠬᠠᠨ ᠳᠤ᠂ ᠥᠪᠥᠷ‌ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ

ᠣᠷᠳᠣᠨ ᠤ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠮᠣᠩᠭᠤᠯ‌‍ᠬᠡᠯᠡᠨ ᠪᠠᠷ ᠨᠡᠶᠢᠲᠡᠯᠡᠬᠦ ᠲᠠᠪᠴᠠᠩ —

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ‍ᠤᠨ‌ᠵᠠᠰᠠᠭ ‍ᠤᠨ‌ᠣᠷᠳᠣᠨ ᠤ ᠠᠯᠪᠠᠨ ᠨᠡᠶᠢᠲᠡᠯᠡᠯ︾

ᠸᠢᠴᠠᠲ ‍ᠤᠨ‌ᠨᠡᠶᠢᠲᠡ ᠶᠢᠨ ᠳ᠋ᠤᠭᠠᠷ ᠪᠠ ᠮᠣᠩᠭᠤᠯ ᠬᠡᠯᠡᠨ ᠤ ᠵᠠᠰᠠᠭ ‍ᠤᠨ‌‍ᠶᠠᠪᠤᠳᠠᠯ ‍ᠦᠨ‌ᠦᠢᠯᠡᠴᠢᠯᠡᠭᠡᠨ ᠤ ᠰᠢᠯᠵᠢᠮᠡᠯ

ᠲᠠᠪᠴᠠᠩ‌‍ᠲ᠋ᠡᠭᠡᠷ᠎ᠡ ᠨᠡᠭᠡᠭᠡᠨ‌ᠠᠰᠢᠭᠯᠠᠭᠰᠠᠨ ︽ᠵᠠᠰᠠᠭ ‍ᠤᠨ‌‍ᠶᠠᠪᠤᠳᠠᠯ ᠤᠨ  ᠦᠢᠯᠡᠴᠢᠯᠡᠭᠡᠨ ᠤ ᠸᠢᠴᠠᠲ ᠤᠨ ᠲᠠᠪᠴᠠᠩ︾

ᠪᠠᠭᠲᠠᠭᠠᠭᠠᠳ᠂ ᠨᠠᠭᠠᠲᠤ ᠵᠠᠬ᠎ᠠ ᠳᠠᠭᠠᠨ300 ᠭᠠᠷᠤᠶ ᠲᠦᠢᠯ ᠤᠨ ᠬᠥᠭᠵᠢᠶᠡᠨᠲᠡᠶ ᠮᠣᠩᠭᠤᠯ‌‍ᠬᠡᠯᠡᠨ ᠤ ᠸᠢᠴᠠᠲ ᠤᠨ

ᠨᠡᠶᠢᠲᠡ ᠵᠢᠨ‌‍ᠳᠤᠭᠠᠷ ᠪᠣᠶ᠃    

       ᠸᠢᠴᠠᠲ ᠤᠨ ᠲᠠᠪᠴᠠᠩ ᠤᠨ ᠠᠵᠢᠯᠯᠠᠭᠠᠨ ᠤ Android、iOS、Windows ᠵᠡᠷᠭᠡ

ᠵᠢᠯᠣᠭᠤᠳᠬᠤ ᠰᠢᠰᠲ᠋ᠧᠮ ᠤᠨ ᠮᠣᠩᠭᠤᠯ ᠦᠰᠦᠭ ᠤᠨ ᠲᠢᠭ ᠬᠠᠷᠢᠯᠴᠠᠨ ᠨᠢᠭᠡᠳᠦᠯ ᠦᠭᠡᠢ᠂ ᠴᠢᠨᠠᠭᠰᠢᠯᠠᠪᠠᠯ ᠵᠠᠷᠢᠮ

ᠬᠡᠪᠯᠡᠯ ᠳᠤ ᠮᠣᠩᠭᠤᠯ ᠥᠰᠥᠭ ᠤᠨ ᠲᠢᠭ ᠪᠠᠶᠢᠳᠠᠭ ᠦᠭᠡᠢ ᠪᠣᠯᠬᠤᠷ᠂ ᠬᠠᠮᠢᠶ᠎ᠠ ᠪᠥᠬᠦᠶ ᠠᠵᠢᠯᠲᠠᠳ ᠵᠦᠪᠬᠡᠨ

ᠵᠢᠷᠤᠭ ᠤᠨ ᠬᠡᠯᠪᠡᠷᠢ ᠪᠠᠷ ᠠᠭᠤᠯᠭ᠎ᠠ ᠶᠢ ᠨᠡᠶᠢᠲᠡᠯᠡᠬᠦ ᠯᠡ ᠬᠡᠷᠡᠭᠲᠡᠶ ᠪᠣᠯᠵᠠᠶ᠃ ᠭᠡᠷᠡᠯ ᠵᠢᠷᠤᠭ ᠨᠡᠶᠢᠲᠡᠯᠡᠬᠦ ᠠᠷᠭ᠎ᠠ

ᠬᠡᠯᠪᠡᠷᠢ ᠨᠢ ᠬᠡᠷᠡᠭᠯᠡᠭᠴᠢᠳ ᠢ ᠬᠠᠷᠢᠯᠴᠠᠨ ᠰᠣᠯᠢᠯᠴᠠᠬᠤ ᠪᠠ‌ᠡᠷᠢᠵᠦ ᠠᠰᠢᠭᠯᠠᠬᠤ ᠶᠢᠨ ᠠᠷᠭ᠎ᠠ ᠦᠭᠡᠢ

ᠪᠣᠯᠭᠠᠭᠰᠠᠨ ᠢᠶᠠᠷ  ᠪᠠᠷᠠᠬᠤ ᠦᠭᠡᠢ ᠪᠠᠰᠠ ᠣᠯᠠᠨ ᠨᠡᠶᠢᠲᠡ ᠶᠢᠨ  ᠳ᠋ᠤᠭᠠᠷ ‍ᠤᠨ‌ᠡᠵᠡᠩᠨᠡᠭᠴᠢ ᠶᠢᠨ ᠠᠵᠢᠯ ᠤᠨ

ᠬᠡᠮᠵᠢᠶ᠎ᠡ ᠶᠢ ᠨᠡᠮᠡᠭᠳᠡᠭᠦᠯᠵᠡᠶ᠃    

      ᠡᠶᠢᠮᠦ ᠡᠴᠠ‌ᠠᠯᠲᠠᠨᠰᠠᠩ ᠳᠤᠷᠠᠳᠤᠯᠭ᠎ᠠ ᠳᠤ ᠪᠠᠨ᠂ ᠥᠪᠥᠷ‌ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ

ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠨᠢᠭᠡ ᠵᠦᠢᠯ ᠤᠨ ᠮᠣᠩᠭᠤᠯ ᠦᠰᠦᠭ ᠤᠨ ᠲᠢᠭ ᠢ ᠰᠣᠩᠭᠤᠨ

ᠲᠣᠭᠲᠠᠭᠠᠵᠤ᠂ ᠡᠨᠡ ᠬᠦ ᠦᠰᠦᠭ ᠤᠨ ᠲᠢᠭ ᠢ ᠸᠢᠴᠠᠲ ᠵᠢᠴᠢ ᠣᠯᠠᠨ ᠨᠡᠶᠢᠲᠡ ᠶᠢᠨ ᠳ᠋ᠤᠭᠠᠷ ᠲᠤ ᠰᠢᠭᠢᠳᠬᠡᠨ

ᠣᠷᠤᠭᠤᠯᠵᠤ᠂ ᠪᠤᠢ ᠪᠦᠬᠦᠢ ᠸᠢᠴᠠᠲ ᠵᠢᠴᠢ ᠨᠡᠶᠢᠲᠡ ᠶᠢᠨ ᠳ᠋ᠤᠭᠠᠷ ᠤᠨ ᠴᠥᠮ ᠮᠣᠩᠭᠤᠯ ᠬᠡᠯᠡ ᠶᠢ ᠲᠣᠭᠲᠠᠪᠤᠷᠢᠲᠠᠶ

ᠵᠥᠪ ᠣᠨᠣᠪᠴᠢᠲᠠᠶ ᠢᠯᠡᠷᠡᠭᠦᠯᠬᠦ ᠶᠢ ᠳᠡᠮᠵᠢᠩᠰᠡᠨ ᠤ ᠳᠡᠭᠡᠷ᠎ᠡ᠂ ᠣᠯᠠᠨ ᠨᠡᠶᠢᠲᠡ ᠶᠢᠨ ᠳ᠋ᠤᠭᠠᠷ ᠤᠨ ᠡᠵᠡᠩᠨᠡᠭᠴᠢ

ᠳᠠᠬᠢᠭᠠᠳ ᠮᠡᠷᠭᠡᠵᠢᠯ ᠤᠨ ᠠᠷᠭ᠎ᠠ ᠪᠠᠷᠢᠯ ᠢ  ᠬᠡᠷᠡᠭᠯᠡᠨ‌‍ᠪᠣᠰᠤᠭ᠎ᠠ ᠬᠡᠪᠯᠡᠯ ᠤᠨ ᠬᠡᠯᠪᠡᠷᠢ ᠵᠡᠷᠭᠡ ᠪᠤᠰᠤᠳ ᠠᠰᠠᠭᠤᠳᠠᠯ ᠢ

ᠰᠢᠢᠳᠪᠦᠷᠢᠯᠡᠪᠡᠯ᠂ ᠪᠣᠶ ᠪᠥᠬᠦᠶ ᠣᠯᠠᠨ ᠨᠡᠶᠢᠲᠡ ᠶᠢᠨ ᠳ᠋ᠤᠭᠠᠷ ‍ᠤᠨ‌ᠠᠭᠤᠯᠭ᠎ᠠ ᠵᠢᠴᠢ ᠸᠢᠴᠠᠲ ᠤᠨ ᠠᠭᠤᠯᠭ᠎ᠠ ᠶᠢ

ᠥᠰᠥᠭ  ᠪᠢᠴᠢᠭ ᠤᠨ ᠬᠡᠯᠪᠡᠷᠢ ᠪᠠᠷ ᠳᠠᠮᠵᠢᠭᠤᠯᠤᠨ ᠨᠡᠪᠲᠡᠷᠡᠭᠦᠯᠵᠦ ᠪᠣᠯᠣᠨ᠎ᠠ ᠭᠡᠵᠡᠢ᠃    

ᠢᠷᠡᠯᠲᠡ᠄ ᠠᠷᠠᠳ ᠤᠨ ᠰᠦᠯᠵᠢᠶ᠎ᠡ