ᠲᠥᠯᠥᠭᠡᠯᠡᠭᠴᠢ ᠡᠤ ᠶᠦᠨ ᠪᠥᠸᠧ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2020/5/28
     ᠠᠷᠠᠳ ᠤᠨ ᠰᠦᠯᠵᠢᠶ᠎ᠡ ᠶᠢᠨ ᠪᠡᠭᠡᠵᠢᠩ ᠤᠨ 5 ᠰᠠᠷ᠎ᠠ ᠶᠢᠨ 25 ᠤ ᠡᠳᠦᠷ ᠤᠨ ᠮᠡᠳᠡᠭᠡ ︵ᠳᠣᠷᠣᠨ᠎ᠠ︶ 5 ᠰᠠᠷ᠎ᠠ ᠶᠢᠨ22 ᠤᠨ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ  ᠤᠯᠤᠰ ‍ᠤᠨ‌ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠭᠤᠷᠪᠠᠳᠤᠭᠠᠷ ᠬᠤᠷᠠᠯᠳᠤᠭᠠᠨ ᠪᠡᠭᠡᠵᠢᠩ ᠳᠤ ᠡᠬᠢᠯᠡᠪᠡ᠃ ᠪᠥᠬᠦ ᠤᠯᠤᠰ ‍ᠤᠨ‌ᠠᠷᠠᠳ ᠤᠨ ᠲᠥᠯᠥᠭᠡᠯᠡᠭᠴᠢᠳ ‍ᠤᠨ‌‍ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠷᠤᠳ‌ᠬᠤᠰᠢᠭᠤᠨ ᠤ ᠪᠠᠶᠠᠨᠲᠠᠯ᠎ᠠ‌‍ᠰᠤᠮᠤᠨ ᠤ ᠵᠡᠭᠦᠨ ᠰᠠᠯᠠᠭ᠎ᠠ ᠭᠠᠴᠠᠭᠠᠨ ᠤ ᠨᠠᠮ ᠤᠨ ᠡᠭᠦᠷ ᠤᠨ ᠱᠦᠵᠢ ᠡᠤ ᠶᠦᠨ ᠪᠥᠸᠧ᠂ ᠮᠠᠯᠵᠢᠬᠤ ᠣᠷᠣᠨ ᠠᠴᠠ  ᠢᠷᠡᠭᠰᠡᠨ‌ᠦᠨᠳᠦᠰᠦᠨ‌‍ᠱᠠᠲᠤᠨ ᠤ ᠲᠥᠯᠥᠭᠡᠯᠡᠭᠴᠢ ᠵᠢᠨ‌ᠬᠤᠪᠢ ᠳᠤ᠂ ᠶᠡᠭᠡ ᠬᠤᠷᠠᠯ ᠳᠤ ᠬᠥᠳᠡᠭᠡ ᠲᠣᠰᠬᠤᠨ ᠢ ᠬᠥᠭᠵᠢᠭᠦᠯᠦᠨ‌ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ‌ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠭᠤᠯᠭ᠎ᠠ ᠳᠡᠪᠰᠢᠭᠦᠯᠦᠭᠰᠡᠨ‌‍ᠪᠠᠶᠢᠨ᠎ᠠ᠃  

   

      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ︽ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ

ᠠᠭᠤᠰᠤᠯᠴᠠᠨ  ᠬᠥᠭᠵᠢᠬᠦ ᠶᠢ ᠠᠬᠢᠭᠤᠯᠤᠨ᠂  ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠠᠮᠵᠢᠨ ᠵᠣᠷᠢᠭᠵᠢᠭᠤᠯᠵᠤ᠂ ᠣᠷᠣᠯᠭ᠎ᠠ ᠶᠢ

ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠬᠦ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ᠂

ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠵᠢᠨ‌‍ᠰᠢᠰᠲ᠋ᠧᠮ ᠢ ᠲᠡᠬᠦᠯᠲᠡᠷᠵᠢᠬᠦᠯᠬᠦ ᠬᠡᠷᠡᠭᠲᠡᠢ᠃

ᠲᠠᠷᠢᠶᠠᠯᠠᠩ ᠢ ᠮᠡᠳᠡᠬᠦ᠂ ᠬᠥᠳᠡᠭᠡ ᠲᠣᠰᠬᠤᠨ ᠢ ᠬᠠᠶᠢᠷᠠᠯᠠᠬᠤ᠂ ᠲᠠᠷᠢᠶᠠᠴᠢᠳ ᠢ ᠬᠠᠶᠢᠷᠠᠯᠠᠬᠤ  ︿ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ﹀   ᠤ

ᠠᠵᠢᠯ ‍ᠤᠨ‌ᠡᠩᠨᠡᠭᠡ ᠶᠢ  ᠬᠦᠮᠦᠵᠢᠬᠦᠯᠬᠦ ᠬᠡᠷᠡᠭᠲᠡᠢ︾ ᠭᠡᠵᠦ ᠵᠢᠭᠠᠵᠤ‌ᠭᠠᠷᠭᠠᠬᠤ ᠵᠢ᠊ ᠬᠠᠮᠲᠤ᠂ ︽ᠴᠢᠳᠠᠪᠤᠷᠢᠲᠠᠨ ᠬᠥᠮᠦᠵᠢᠭᠦᠯᠬᠦ︾ ᠶᠢ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠶ ᠱᠠᠭᠠᠷᠳᠠᠯᠭ᠎ᠠ ᠶᠢᠨ ᠨᠢᠭᠡ ᠪᠣᠯᠭᠠᠨ᠎ᠠ ᠭᠡᠵᠡᠢ᠃      

      ᠣᠳᠣ ᠦᠶ᠎ᠡ ᠶᠢᠨ ᠲᠠᠷᠢᠶᠠᠯᠠᠩ ‍ᠤᠨ‌ᠠᠵᠤ ᠦᠢᠯᠡᠰ ‍ᠤᠨ‌‍ᠰᠢᠰᠲ᠋ᠧᠮ᠂ ᠦᠢᠯᠡᠳᠪᠦᠷᠢᠯᠡᠯ ‍ᠤᠨ‌‍ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠵᠤ᠂

ᠲᠠᠷᠢᠶᠠᠯᠠᠩ ᠢ ᠳᠠᠮᠵᠢᠵᠤ ᠬᠠᠮᠠᠭᠠᠯᠠᠬᠤ  ᠳᠦᠷᠢᠮ ᠢ ᠲᠡᠭᠦᠯᠳᠡᠷᠵᠢᠭᠦᠯᠦᠨ᠂ ᠣᠯᠠᠨ‌ᠵᠦ᠋ᠢᠯ ᠤᠨ ᠬᠡᠯᠪᠡᠷᠢ ᠮᠠᠶ᠋ᠢᠭ ᠤᠨ ᠵᠣᠬᠢᠰᠲᠠᠶ ᠬᠡᠪᠴᠢᠶᠡᠲᠦ ᠡᠵᠡᠩᠨᠡᠯᠲᠡ ᠶᠢ

ᠬᠥᠭᠵᠢᠭᠦᠯᠵᠦ᠂ ᠰᠢᠨ᠎ᠡ ᠮᠠᠶ᠋ᠢᠭ ᠤᠨ ᠲᠠᠷᠢᠶᠠᠯᠠᠩ ‍ᠤᠨ‌ᠡᠵᠡᠩᠨᠡᠯᠲᠡ ᠶᠢᠨ ᠭᠤᠤᠯ ᠴᠣᠭᠴᠠ ᠶᠢ ᠪᠣᠶᠢᠵᠢᠭᠤᠯᠤᠨ᠂ ᠲᠠᠷᠢᠶᠠᠯᠠᠩ ‍ᠤᠨ‌ᠨᠡᠶᠢᠭᠡᠮᠴᠢᠯᠡᠭᠰᠡᠨ ᠦᠢᠯᠡᠴᠢᠯᠡᠭᠡᠨ ᠤ

ᠰᠢᠰᠲ᠋ᠧᠮ ᠢ ᠲᠡᠭᠦᠯᠳᠡᠷᠵᠢᠭᠦᠯᠵᠦ᠂ ᠵᠢᠵᠢᠭ ᠲᠠᠷᠢᠶᠠᠴᠢᠨ ᠡᠷᠦᠬᠡ ᠪᠣᠯᠤᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ  ᠣᠷᠭᠠᠨᠢᠭ‌ᠵᠤᠯᠭᠠᠯᠴᠠᠭ᠎ᠠ ᠶᠢ

ᠪᠡᠶᠡᠯᠡᠬᠦᠯᠬᠦ ᠳᠤ ᠬᠡᠷᠡᠭᠰᠡᠬᠦ ᠴᠢᠳᠠᠪᠤᠷᠢᠲᠠᠨ ᠴᠢᠬᠤᠯᠠᠲᠠᠢ ᠪᠠᠶᠢᠲᠠᠭ᠃ ᠬᠥᠳᠡᠭᠡ ᠲᠣᠰᠬᠤᠨ ᠢ ᠬᠥᠭᠵᠢᠭᠦᠯᠦᠨ‌ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ

ᠡᠭᠦᠷᠭᠡ ᠪᠣᠯ ᠦᠢᠯᠡᠳᠪᠦᠷᠢᠯᠡᠯ ᠢ ᠬᠥᠭᠵᠢᠭᠦᠯᠬᠦ ᠶᠠᠪᠤᠳᠠᠯ ᠪᠣᠯᠤᠨ᠎ᠠ᠂ ᠭᠡᠬᠦ‌‍ᠳᠥ ᠦᠢᠯᠡᠳᠪᠦᠷᠢᠯᠡᠯ ᠢ ᠬᠥᠭᠵᠢᠭᠦᠯᠵᠦ ᠳᠠᠪᠠᠭᠤᠯᠢᠭ ᠲᠤᠯᠭᠠᠭᠤᠷᠢ ᠠᠵᠤ‌ᠦᠢᠯᠡᠰ ᠢ  

ᠪᠦᠷᠢᠯᠳᠦᠭᠦᠯᠬᠦ ᠶᠢᠨ ᠵᠠᠩᠭᠢᠯᠠᠭ᠎ᠠ ᠨᠢ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠳᠤ ᠤᠷᠤᠰᠢᠨ᠎ᠠ᠃  

      ᠡᠭᠦᠨ ᠤ ᠲᠤᠯᠠᠳᠠ ᠡᠥ ᠶᠦᠨ ᠪᠥᠸᠧ ᠳᠣᠤᠷᠠᠬᠢ ᠮᠡᠲᠦ ᠬᠤᠶᠠᠷ ᠵᠦᠢᠯ ᠤᠨ ᠰᠠᠨᠠᠭᠤᠯᠭ᠎ᠠ ᠳᠤᠷᠠᠳᠴᠠᠶ᠄      

      1. ᠤᠯᠤᠰ ᠤᠨ ᠳᠠᠪᠬᠤᠷᠭ᠎ᠠ ᠠᠴᠠ ᠬᠤᠯᠪᠣᠭᠳᠠᠯ  ᠪᠥᠬᠦᠶ ᠲᠥᠷᠥ ᠶᠢᠨ ᠪᠣᠳᠣᠯᠭ᠎ᠠ ᠨᠡᠶᠢᠲᠡᠯᠡᠵᠦ᠂ ᠲᠠᠯ᠎ᠠ‌ᠨᠤᠲᠤᠭ ᠠᠴᠠ ᠭᠠᠷᠴᠤ ᠶᠠᠪᠤᠭᠰᠠᠨ ᠬᠡᠤᠬᠡᠳ

 ᠤᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠶᠢ ᠬᠦᠰᠡᠵᠦ ᠪᠠᠶᠢᠨ᠎ᠠ᠃ ᠦᠨᠳᠦᠰᠦᠨ ᠱᠠᠲᠤᠨ ᠠᠴᠠ ᠠᠰᠠᠭᠤᠵᠤ

ᠰᠤᠷᠪᠤᠯᠵᠢᠯᠠᠬᠤ ᠶᠠᠪᠤᠴᠠ ᠳᠤ ᠪᠢ ᠮᠠᠰᠢ ᠣᠯᠠᠨ ᠤᠶᠤᠲᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠪᠠᠷ ᠴᠢᠷᠮᠠᠶᠢᠵᠤ ᠪᠤᠢ᠂ ᠭᠡᠪᠡᠴᠦ

ᠦᠨᠳᠦᠰᠦᠨ‌‍ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ  ᠬᠥᠳᠡᠭᠡ  ᠲᠣᠰᠬᠤᠨ ᠢ  ᠬᠥᠭᠵᠢᠭᠦᠯᠦᠨ ᠮᠠᠨᠳᠤᠭᠤᠯᠬᠤ  ᠠᠵᠢᠯ ᠢ ᠠᠬᠢᠭᠤᠯᠬᠤ ᠬᠥᠳᠡᠯᠭᠡᠬᠦ ᠬᠦᠴᠦᠨ

ᠪᠠ ᠡᠷᠴᠢ ᠵᠣᠷᠢᠭ ᠢᠶᠠᠷ ᠳᠤᠲᠠᠮᠠᠭ ᠪᠠᠶᠢᠨ᠎ᠠ ᠭᠡᠳᠡᠭ ᠢ ᠣᠯᠵᠤ ᠮᠡᠳᠡᠯ᠎ᠡ᠃ ᠨᠤᠲᠤᠭ ᠲᠠᠭᠠᠨ ᠪᠤᠴᠠᠵᠤ ᠠᠳᠠᠯ‌ᠦᠢᠯᠡᠰ ᠴᠣᠭᠴᠠᠯᠠᠬᠤ ᠤᠶᠤᠲᠠᠳ ᠲᠤ ᠵᠣᠬᠢᠬᠤ

ᠬᠡᠮᠵᠢᠶᠡᠨ ᠤ ᠠᠵᠢᠯ ᠤᠨ ᠪᠠᠶᠢᠷᠢ ᠲᠣᠭᠲᠠᠭᠠᠵᠤ ᠥᠭᠬᠦ ᠪᠤᠶᠤ ᠨᠤᠲᠤᠭ ᠲᠠᠭᠠᠨ‌‍ᠪᠤᠴᠠᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠲᠠᠢ ᠬᠥᠮᠦᠰ ᠢ ᠲᠥᠷᠥᠯ ᠵᠦᠢᠯ

ᠳᠠᠭᠠᠭᠤᠯᠵᠤ ᠦᠨᠳᠦᠰᠦᠨ‌‍ᠱᠠᠲᠤᠨ ᠳᠤ ᠬᠦᠷᠴᠦ ᠬᠥᠭᠵᠢᠭᠦᠯᠬᠦ ᠶᠢ ᠬᠦᠰᠡᠵᠦ ᠪᠠᠶᠢᠨ᠎ᠠ᠃ ᠢᠩᠭᠢᠪᠡᠯ  ᠲᠡᠳᠡ ᠥᠪᠡᠷ ᠤᠨ ᠥᠷᠲᠡᠭ ᠢᠶᠠᠨ ᠪᠡᠶᠡᠯᠡᠭᠦᠯᠬᠦ ᠶᠢᠨ ᠬᠠᠮᠲᠤ

ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠤᠰᠬᠤᠨ ᠢ ᠬᠥᠭᠵᠢᠭᠦᠯᠦᠨ‌ᠮᠠᠨᠳᠤᠭᠤᠯᠬᠤ ᠠᠵᠢᠯ ᠢ ᠠᠬᠢᠭᠤᠯᠬᠤ ᠳᠤ ᠬᠦᠴᠦᠨ‌ᠨᠡᠮᠡᠷᠢᠯᠡᠵᠦ ᠴᠢᠳᠠᠨ᠎ᠠ᠃      

      2. ᠬᠤᠯᠪᠣᠭᠳᠠᠯ  ᠪᠦᠬᠦᠢ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢᠨ ᠳᠠᠪᠬᠤᠷᠭ᠎ᠠ ᠠᠴᠠ ᠳᠡᠮᠵᠢᠯᠭᠡ‌ᠦᠵᠡᠭᠦᠯᠵᠦ᠂ ᠴᠠᠯᠢᠩ ᠣᠯᠭᠤᠮᠵᠢ᠂ ᠦᠷ᠎ᠡ

ᠬᠡᠤᠬᠡᠳ ᠤᠨ ᠰᠤᠷᠭᠠᠭᠤᠯᠢ ᠳᠤ ᠣᠷᠣᠬᠤ᠂  ᠡᠷᠦᠬᠡ ᠠᠮᠠ ᠰᠢᠯᠵᠢᠭᠦᠯᠬᠦ ᠵᠡᠷᠭᠡ ᠲᠠᠯ᠎ᠠ ᠶᠢᠨ ᠪᠣᠳᠠᠲᠠᠶ ᠪᠠᠲᠤᠯᠠᠭ᠎ᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂

ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠢ ︽ᠦᠯᠡᠳᠡᠭᠡᠵᠦ ᠳᠡᠶᠢᠯᠬᠦ᠂ ᠬᠡᠷᠡᠭᠯᠡᠵᠦ  ᠳᠡᠶᠢᠯᠬᠦ︾ ᠶᠢ ᠦᠨᠡᠨᠬᠦ ᠪᠠᠲᠤᠯᠠᠬᠤ ᠬᠡᠷᠡᠭᠲᠡᠶ᠃  ᠭᠠᠭᠴᠠ ᠬᠦ ᠦᠨᠡᠨ ᠪᠣᠳᠠᠲᠠᠶ

ᠠᠵᠢᠯ ᠠᠮᠢᠳᠤᠷᠠᠯ ᠤᠨ ᠳᠤᠮᠳᠠᠬᠢ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡᠯ ᠰᠠᠶ᠋ᠢ ᠭᠠᠷᠤᠳᠢ ᠶᠢ ᠲᠠᠲᠠᠨ ᠠᠪᠴᠢᠷᠠᠵᠤ ᠡᠭᠦᠷ ᠪᠠᠷᠢᠭᠤᠯᠵᠤ ᠴᠢᠳᠠᠨ᠎ᠠ᠃

ᠮᠠᠯᠴᠢᠳ ᠤᠨ ᠬᠡᠤᠬᠡᠳ ᠢ ᠲᠣᠮᠣ ᠬᠤᠲᠠᠳ ᠲᠤ ︽ᠪᠢᠴᠢᠬᠠᠨ ᠰᠢᠪᠠᠭᠤ︾ ᠪᠣᠯᠭᠠᠬᠤ ᠪᠠᠷ᠂ ᠨᠤᠲᠤᠭ ᠲᠠᠭᠠᠨ ᠬᠠᠷᠢᠵᠤ ︽ᠡᠷᠡᠯᠬᠡᠭ ᠪᠦᠷᠭᠦᠳ︾ ᠪᠤᠯᠭᠠᠶ᠎ᠠ ᠭᠡᠪᠡᠯ ᠡᠩ

ᠲᠡᠷᠢᠭᠦᠨ ᠳᠤ ᠲᠡᠳᠡᠨ   ᠢ ᠰᠡᠳᠬᠢᠯ ᠬᠤᠪᠢᠶᠠᠭᠳᠠᠬᠤ ᠦᠭᠡᠢ ᠪᠤᠯᠭᠠᠵᠦ᠂ ᠮᠠᠯ ᠲᠠᠷᠢᠶᠠᠯᠠᠩ ᠤᠨ ᠬᠥᠭᠵᠢᠯᠲᠡ ᠳᠤ ᠣᠶᠤᠨ ᠴᠢᠳᠠᠪᠤᠷᠢ ᠶᠢᠨ ᠳᠡᠮᠵᠢᠯᠭᠡ ᠦᠵᠡᠭᠦᠯᠵᠦ

ᠴᠢᠳᠠᠬᠤ ᠴᠢᠳᠠᠪᠤᠷᠢᠲᠠᠨ ᠨᠤᠲᠤᠭ ᠲᠠᠭᠠᠨ ᠪᠤᠴᠠᠵᠦ᠂ ᠨᠤᠲᠤᠭ ᠤᠰᠤᠨ ᠳᠠᠭᠠᠨ ᠪᠤᠶᠠᠨ ᠦᠢᠯᠡᠳᠬᠦ ᠳᠤᠷᠠᠲᠠᠶ ᠪᠤᠯᠭᠠᠵᠦ ᠴᠢᠳᠠᠨ᠎ᠠ᠃      

      ︽ᠬᠥᠳᠡᠭᠡ ᠲᠣᠰᠬᠤᠨ ᠠᠴᠠ ᠭᠠᠷᠴᠤ  ᠶᠠᠪᠤᠭᠰᠠᠨ ᠡᠨᠡ ᠨᠢᠭᠡᠨ  ᠦᠶ᠎ᠡ ᠶᠢᠨ ᠴᠢᠳᠠᠪᠤᠷᠢᠲᠠᠳ ᠬᠡᠷᠪᠡ ᠣᠳᠣ ᠵᠢᠨ‌‍ᠬᠥ᠋ᠳᠡᠭᠡ ᠲᠣᠰᠬᠤᠨ ᠳᠤ ᠬᠠᠶᠢᠷ᠎ᠠ

ᠰᠡᠳᠬᠢᠯᠭᠡ ᠶᠢᠨ ᠠᠷᠭᠠᠮᠵᠢᠶ᠎ᠠ ᠪᠠ ᠠᠵᠢᠯ  ᠬᠢᠵᠦ ᠦᠢᠯᠡᠰ ᠴᠣᠭᠴᠠᠯᠠᠬᠤ  ᠪᠣᠳᠣᠯ ᠦᠭᠡᠢ ᠪᠣᠯᠬᠤ ᠳᠤ ᠬᠦᠷᠪᠡᠯ᠂ ᠬᠥᠳᠡᠭᠡ ᠲᠣᠰᠬᠤᠨ ᠢ ᠲᠠᠬᠢᠭᠠᠳ

ᠬᠥᠭᠵᠢᠭᠦᠯᠬᠦ ᠭᠡᠲᠡᠭ ᠴᠢᠨᠢ ᠨᠡᠩ ᠬᠦᠴᠢᠷ ᠪᠣᠯᠣᠨ᠎ᠠ︾ ᠭᠡᠵᠦ ᠡᠥ ᠶᠦᠨ‌‍ᠪᠥ᠋ᠸᠧ ᠬᠡᠯᠡᠯ᠎ᠡ᠃

ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ