ᠰᠢᠨ᠎ᠡ ᠳᠤᠮᠳᠠᠳᠤ ᠤᠯᠤᠰ ᠤᠨ ᠠᠩᠬᠠᠳᠠᠬᠴᠢ ᠢᠷᠭᠡᠨ ᠤ ᠬᠠᠤᠯᠢ ᠶᠢᠨ ᠪᠢᠴᠢᠭ ᠮᠡᠨᠳᠦᠯᠡᠯ᠎ᠡ
ᠨᠡᠶᠢᠲᠡᠯᠡᠭᠰᠡᠨ ᠴᠠᠭ᠄
2020/5/29
     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠨᠡᠶᠢᠲᠡ 7 ᠠᠩᠭᠢ᠂ 1260 ᠵᠤᠷᠪᠤᠰ ᠪᠤᠢ᠂ ᠡᠯ᠎ᠡ ᠠᠩᠭᠢ ᠨᠢ ᠲᠤᠰ ᠲᠤᠰ ᠶᠡᠷᠦᠩᠬᠡᠶ ᠳᠦᠷᠢᠮ᠂ ᠪᠣᠳᠠᠰ ᠤᠨ ᠡᠷᠬᠡ᠂ ᠭᠡᠷ᠎ᠡ᠂ ᠬᠦᠮᠦᠨ ᠤ ᠨᠡᠷ᠎ᠡ ᠬᠦᠨᠳᠤ ᠶᠢᠨ ᠡᠷᠬᠡ᠂ ᠤᠷᠤᠭ ᠭᠡᠷ ᠪᠦᠯᠢ᠂ ᠵᠠᠯᠭᠠᠮᠵᠢᠯᠠᠬᠤ ᠡᠷᠬᠡ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠵᠢᠴᠢ ᠳᠠᠭᠠᠯᠳᠤᠭᠤᠯᠤᠭᠰᠠᠨ ᠳᠦᠷᠢᠮ ᠪᠣᠯᠤᠨ᠎ᠠ᠃

   

     2015 ᠣᠨ ᠤ 3 ᠰᠠᠷ᠎ᠠ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ

ᠳᠦᠷᠢᠮ ᠤᠨ ᠠᠵᠢᠯ ᠤᠨ ᠵᠦᠪᠯᠡᠯ ᠢᠷᠭᠡᠨ ᠤ ᠬᠠᠤᠯᠢ ᠶᠢᠨ ᠪᠢᠴᠢᠭ ᠢ ᠨᠠᠶᠢᠷᠠᠭᠤᠯᠤᠨ ᠲᠤᠭᠤᠷᠪᠢᠬᠤ ᠠᠵᠢᠯ ᠢ ᠡᠬᠢᠯᠡᠭᠦᠯᠪᠡ᠃ 2017 ᠣᠨ ᠤ 3 ᠰᠠᠷ᠎ᠠ ᠳᠤ᠂

ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠢᠷᠭᠡᠨ ᠤ

ᠬᠠᠤᠯᠢ ᠶᠢᠨ ᠶᠡᠷᠦᠩᠬᠡᠢ ᠲᠦᠷᠢᠮ ᠢ ᠬᠢᠨᠠᠨ ᠵᠥᠪᠯᠡᠵᠦ ᠪᠠᠲᠤᠯᠠᠪᠠ᠃ 2019 ᠣᠨ ᠤ 12 ᠰᠠᠷ᠎ᠠ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠢᠷᠭᠡᠨ ᠤ ᠬᠠᠤᠯᠢ ᠶᠢᠨ ᠶᠡᠷᠦᠩᠬᠡᠢ ᠲᠦᠷᠢᠮ ᠬᠢᠭᠡᠳ ᠪᠠᠶᠢᠩᠭᠤ ᠶᠢᠨ ᠬᠤᠷᠢᠶ᠎ᠠ ᠶᠢᠨ ᠬᠢᠨᠠᠨ ᠵᠥᠪᠯᠡᠭᠰᠡᠨ ᠪᠠ

ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠢᠷᠭᠡᠨ ᠤ ᠬᠠᠤᠯᠢ ᠶᠢᠨ ᠪᠢᠴᠢᠭ ᠤᠨ ᠡᠯ᠎ᠡ ᠬᠤᠪᠢᠶᠠᠷᠢ ᠠᠩᠬᠢ ᠶᠢᠨ ᠡᠬᠡ ᠨᠤᠤᠷᠠᠬ ᠢ ᠨᠡᠶᠢᠯᠡᠭᠦᠯᠦᠨ

ᠪᠦᠷᠢᠯᠳᠦᠭᠦᠯᠦᠭᠰᠡᠨ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠢ ᠬᠢᠨᠠᠨ ᠵᠥᠪᠯᠡᠭᠰᠡᠨ ᠪᠥᠭᠡᠳ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠢ ᠠᠷᠪᠠᠨ

ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠵᠦ ᠬᠢᠨᠠᠨ

ᠵᠥᠪᠯᠡᠭᠦᠯᠬᠦ ᠪᠠᠷ ᠲᠣᠭᠲᠠᠵᠠᠢ᠃

    ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠭᠡᠰᠢᠭᠦᠳ ᠢᠷᠭᠡᠨ ᠤ ᠬᠠᠤᠯᠢ ᠶᠢᠨ ᠪᠢᠴᠢᠭ ᠤᠨ ᠲᠦᠰᠦᠯ ᠢ ᠨᠠᠷᠢᠨ ᠬᠢᠨᠠᠮᠠᠭᠠᠶ

ᠬᠢᠨᠠᠨ ᠵᠦᠪᠯᠡᠵᠤ ᠶᠠᠷᠢᠯᠴᠠᠪᠠ᠃ ᠡᠯ᠎ᠡ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠵᠦ᠂ ᠪᠠᠰᠠ 100 ᠭᠠᠷᠤᠶ ᠭᠠᠵᠠᠷ ᠲᠤ ᠵᠠᠰᠠᠪᠤᠷᠢ ᠣᠷᠣᠭᠤᠯᠪᠠ᠃

    ᠢᠷᠭᠡᠨ ᠤ ᠬᠠᠤᠯᠢ ᠶᠢᠨ ᠪᠢᠴᠢᠭ ᠢ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠣᠲᠣ ᠶᠢᠨ ᠬᠡᠷᠡᠭᠵᠢᠭᠦᠯᠵᠦ ᠪᠠᠶᠢᠭ᠎ᠠ

ᠣᠷᠤᠭ ᠤᠨ ᠬᠠᠤᠯᠢ᠂ ᠵᠠᠯᠭᠠᠮᠵᠢᠯᠠᠬᠤ ᠬᠠᠤᠯᠢ᠂ ᠢᠷᠭᠡᠨ ᠤ ᠬᠠᠤᠯᠢ ᠶᠢᠨ ᠨᠡᠪᠲᠡᠷᠬᠡᠢ ᠲᠦᠷᠢᠮ᠂ ᠡᠷᠭᠦᠨ ᠲᠡᠵᠢᠭᠡᠬᠦ ᠬᠠᠤᠯᠢ᠂ ᠪᠠᠳᠤᠯᠠᠨ ᠳᠠᠭᠠᠭᠠᠬᠤ ᠬᠠᠤᠯᠢ᠂

ᠭᠡᠷ᠎ᠡ ᠶᠢᠨ ᠬᠠᠤᠯᠢ᠂ ᠪᠣᠳᠠᠰ ᠤᠨ ᠡᠷᠬᠡ ᠶᠢᠨ ᠬᠠᠤᠯᠢ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ᠂ ᠢᠷᠭᠡᠨ ᠤ ᠬᠠᠤᠯᠢ ᠶᠢᠨ ᠶᠡᠷᠦᠩᠬᠡᠶ ᠲᠦᠷᠢᠮ ᠢ

ᠬᠠᠮᠲᠤ ᠳᠤᠨᠢ ᠬᠦᠴᠦᠨ ᠥᠬᠡᠶ ᠪᠣᠯᠭᠠᠨ᠎ᠠ᠃

ᠢᠷᠡᠯᠲᠡ᠄ ᠰᠢᠨᠬᠤᠸᠠ ᠰᠦᠯᠵᠢᠶ᠎ᠡ