ᠴᠢ᠊ · ᠳᠠᠯᠠᠨᠳᠠᠢ ᠳᠠᠯᠠᠳ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/6/10
      6 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠢ᠊᠂ ᠳᠠᠯᠠᠨᠳᠠᠢ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ᠂ ᠪᠥᠬᠦ ᠬᠤᠰᠢᠭᠤᠨ ᠤ ᠰᠢᠨ᠎ᠡ ᠪᠠᠷ ᠠᠵᠢᠯ ᠡᠬᠢᠯᠡᠭᠦᠯᠦᠭᠰᠡᠨ ᠪᠠ ᠠᠵᠢᠯ ᠡᠬᠢᠯᠡᠭᠦᠯᠬᠦ ᠪᠠᠷ ᠪᠠᠶᠢᠭ᠎ᠠ ᠲᠥᠷᠥᠯ ᠵᠦᠶᠯ ᠤᠨ ᠠᠬᠢᠴᠠ ᠶᠢᠨ ᠪᠠᠶᠢᠳᠠᠯ ᠵᠢᠴᠢ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠸᠠᠩ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠱᠠᠩ ᠵᠧᠨ ᠹᠸᠢ᠂ ᠳᠠᠯᠠᠳ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠪᠠᠶ ᠸᠧᠨ ᠺᠧ᠂ ᠳᠠᠯᠠᠳ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠳᠠ ᠶᠢᠨ ᠵᠥᠪᠯᠡᠯ ᠤᠨ ᠡᠷᠬᠢᠯᠡᠭᠴᠢ ᠪᠦᠦ ᠱᠣ᠋ ᠲᠦᠩ᠂ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠴᠧᠨ ᠶᠤᠸᠠᠨ ᠨᠠᠷ ᠪᠠᠷᠠᠳᠠᠨ ᠪᠠᠶᠢᠴᠠᠭᠠᠨ ᠰᠤᠳᠤᠯᠤᠯᠲᠠ ᠬᠢᠵᠡᠶ᠃

      ᠪᠠᠶᠢᠴᠠᠭᠠᠨ ᠰᠤᠳᠤᠯᠤᠯᠲᠠ ᠳᠤ᠂ ᠴᠢ᠊ · ᠳᠠᠯᠠᠨᠳᠠᠢ ᠤᠷᠢᠳ ᠬᠤᠵᠢᠳ ᠥᠪᠥᠷ ᠮᠣᠩᠭᠤᠯ ᠤᠨ ᠶᠢᠨ ᠱᠠ ᠪᠦ᠋ ᠳ᠋ᠢ ᠾᠧᠩ ᠲᠦᠩ ᠬᠡᠷᠡᠯ ᠴᠠᠬᠢᠯᠭᠠᠨ ᠤ

ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠦᠸᠧ ᠨᠧᠩ ᠴᠠᠬᠢᠭᠤᠷ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠦᠸᠧ ᠷᠦᠢ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ

ᠴᠠᠩ ᠵᠢᠶᠠᠩ ᠬᠦᠩᠭᠡᠨᠴᠠᠭᠠᠨ ᠤ ᠦᠶᠯᠡᠰ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠵᠦᠶᠯ ᠤᠨ ᠳᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ

ᠣᠶᠢᠯᠠᠭᠠᠪᠠ᠃

     ︽ᠲᠥᠷᠥᠯ ᠵᠦᠶᠯ ᠤᠨ ᠠᠬᠢᠴᠠ ᠶᠠᠮᠠᠷ ᠪᠤᠯᠵᠦ ᠪᠠᠶᠢᠨ᠎ᠠ︖︾ ︽ᠪᠠᠰᠠ ᠶᠠᠮᠠᠷ ᠬᠦᠴᠢᠷᠳᠡᠯ ᠪᠠᠶᠢᠨ᠎ᠠ ᠪᠣᠶ︖  ᠭᠠᠵᠠᠷ ᠪᠤᠯᠭᠠᠨ ᠳᠤ ᠬᠦᠷᠬᠦ ᠪᠦᠷᠢ᠂ ᠴᠢ᠊

᠂ ᠳᠠᠯᠠᠨᠳᠠᠢ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ

ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠶᠯ ᠤᠨ ᠦᠶᠯᠡᠳᠪᠦᠷᠢᠯᠡᠬᠦ ᠴᠢᠳᠠᠪᠤᠷᠢ ᠶᠢᠨ ᠪᠠᠶᠢᠳᠠᠯ ᠪᠣᠯᠤᠨ ᠵᠠᠬ᠎ᠠ ᠳᠡᠯᠭᠡᠭᠦᠷ ᠤᠨ

ᠢᠷᠡᠭᠡᠳᠦᠶ ᠶᠢᠨ ᠪᠠᠶᠢᠳᠠᠯ ᠢ ᠪᠠᠶᠢᠨ ᠪᠠᠶᠢᠨ ᠠᠰᠠᠭᠤᠵᠤ ᠪᠠᠶᠢᠯ᠎ᠠ᠃ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ ᠲᠥᠷᠥᠯ

ᠵᠦᠶᠯ ᠤᠨ ᠬᠠᠷᠢᠭᠤᠴᠠᠯᠭᠠᠳᠠᠨ ᠲᠠᠢ ᠬᠠᠮᠲᠤᠪᠠᠷ ᠠᠷᠭ᠎ᠠ ᠪᠣᠳᠣᠯᠭ᠎ᠠ ᠰᠡᠳᠦᠵᠦ ᠬᠦᠴᠢᠷ ᠠᠰᠠᠭᠤᠳᠠᠯ ᠢ ᠰᠢᠶᠳᠪᠦᠷᠢᠯᠡᠵᠦ ᠬᠥᠭᠵᠢᠯᠲᠡ ᠶᠢ ᠡᠷᠢᠯᠬᠢᠯᠡᠵᠡᠶ᠃  ᠴᠢ᠊᠂

ᠳᠠᠯᠠᠨᠳᠠᠢ ᠡᠯ᠎ᠡ ᠲᠥᠷᠥᠯ ᠵᠦᠶᠯ ᠤᠨ ᠬᠠᠷᠢᠭᠤᠴᠠᠯᠭᠠᠲᠠᠨ ᠤ ᠠᠶᠤᠯᠭᠦᠢ ᠦᠶᠯᠡᠳᠪᠦᠷᠢᠯᠡᠯ ᠢ ᠴᠢᠬᠤᠯᠠᠴᠢᠯᠠᠭᠰᠠᠨ᠊ ᠤᠷᠢᠲᠠᠯ ᠳᠣᠤᠷ᠎ᠠ ᠠᠷᠭ᠎ᠠ ᠪᠦᠬᠦᠨ ᠢ ᠰᠦᠪᠡᠭᠴᠢᠯᠡᠨ

ᠬᠦᠴᠢᠷ ᠢ ᠢᠯᠠᠨ ᠳᠠᠪᠠᠭ᠋ᠤ ᠶᠢ ᠵᠣᠷᠢᠭᠵᠢᠭᠤᠯᠵᠠᠶ᠃ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠵᠦ᠂

ᠲᠥᠷᠥᠯ ᠵᠦᠢᠯ ᠢ ᠬᠤᠭᠤᠴᠠᠭ᠎ᠠ ᠶᠣᠰᠣᠭᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠳᠤᠯᠠᠬᠤ ᠬᠡᠷᠡᠭᠲᠡᠶ ᠭᠡᠵᠡᠢ᠃

      ᠪᠠᠶᠢᠴᠠᠭᠠᠨ ᠰᠤᠳᠤᠯᠤᠯᠲᠠ ᠳᠤ᠂ ᠴᠢ᠊᠂ ᠳᠠᠯᠠᠨᠳᠠᠢ ᠪᠠᠰᠠ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠬᠤᠤᠰ ᠡᠭᠦᠳᠦᠯᠲᠡ ᠶᠢᠨ ᠲᠥᠪ ᠪᠣᠯᠤᠨ

ᠦᠶᠯᠡᠳᠪᠦᠷᠢᠯᠡᠯ ᠤᠨ ᠦᠶᠯᠡᠴᠢᠯᠡᠭᠡᠨ ᠤ ᠲᠥᠪ ᠤᠨ ᠲᠥᠷᠥᠯ ᠵᠦᠶᠯ᠂ ᠬᠦᠷᠢᠶᠡᠯᠡᠩ ᠲᠣᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ ᠲᠡᠷᠭᠡᠨ ᠵᠣᠭᠰᠣᠭᠠᠯ ᠤᠨ

ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃

      ᠶᠠᠷᠢᠯᠴᠠᠬᠤ ᠬᠤᠷᠠᠯ ᠳᠡᠭᠡᠷ᠎ᠡ᠂ ᠴᠢ᠊᠂ ᠳᠠᠯᠠᠨᠳᠠᠢ ᠪᠠᠰᠠ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ

ᠪᠣᠯᠤᠨ ᠳᠠᠯᠠᠳ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ‌‍ᠪᠠᠶᠢᠭᠤᠯᠤᠯᠲᠠ ᠶᠢᠨ ᠲᠦᠷᠦᠯ ᠵᠦᠢᠯ ᠤᠨ

ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳᠤ ᠨᠢᠩ ᠳ᠋ᠦᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ

ᠰᠠᠭᠤᠷᠢᠨ ᠭᠠᠵᠠᠷ ᠲᠤ ᠰᠢᠨᠵᠢᠯᠡᠨ ᠪᠠᠶᠢᠴᠠᠭᠠᠭᠰᠠᠨ ᠰᠤᠷᠤᠯᠴᠠᠯᠭ᠎ᠠ ᠶᠢᠨ ᠲᠤᠷᠰᠢᠯᠭ᠎ᠠ ᠪᠠᠨ ᠰᠣᠯᠢᠯᠴᠠᠵᠠᠢ᠃

      ᠴᠢ᠊᠂ ᠳᠠᠯᠠᠨᠳᠠᠢ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ

ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ

ᠢᠮᠠᠭᠲᠠ ᠴᠢᠩᠭ᠎ᠠ ᠠᠳᠬᠤᠵᠤ᠂ ᠲᠥᠷᠥᠯ ᠵᠦᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠳᠤᠳᠤᠷᠬᠠᠶᠢᠯᠠᠨ᠂ ᠡᠭᠦᠷᠭᠡ ᠪᠠᠨ

ᠨᠠᠷᠢᠯᠢᠭᠵᠢᠭᠤᠯᠵᠤ᠂ ᠲᠦᠷᠦᠯ ᠵᠦᠢᠯ ᠢ ᠠᠳᠬᠤᠬᠤ ᠬᠠᠷᠢᠭᠤᠴᠠᠯᠭ᠎ᠠ ᠶᠢ ᠺᠠᠳ᠋ᠷ ᠨᠢᠭᠡᠪᠦᠷᠢ ᠶᠢᠨ ᠪᠡᠶ᠎ᠡ ᠳᠡᠭᠡᠷ᠎ᠡ ᠲᠣᠳᠣᠷᠬᠠᠶᠢᠯᠠᠵᠤ᠂ ᠡᠯ ᠎ᠡ ᠲᠦᠷᠦᠯ ᠵᠦᠢᠯ ᠢ ᠦᠨᠡᠨᠬᠦ

ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ︔ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠢᠨᠠᠨ ᠵᠥᠪᠰᠢᠶᠡᠷᠡᠬᠦ ᠶᠠᠪᠤᠴᠠ ᠶᠢ ᠲᠠᠰᠤᠷᠠᠯᠲᠠ ᠦᠭᠡᠢ ᠳᠥᠭᠦᠮᠴᠢᠯᠡᠵᠦ᠂ ᠴᠢᠬᠤᠯᠠ ᠶᠡᠭᠡ ᠲᠥᠷᠥᠯ

ᠵᠦᠢᠯ ᠢ ᠤᠷᠤᠯᠠᠨ‌‍ᠭᠦ᠋ᠢᠴᠡᠳᠬᠡᠬᠦ᠂ ᠠᠩᠬᠠᠷᠤᠨ ᠭᠦᠢᠴᠡᠳᠬᠡᠬᠦ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠦ᠂ ᠦᠶᠯᠡᠴᠢᠯᠡᠭᠡᠨ ᠤ

ᠦᠶᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔ ᠠᠵᠤ ᠦᠶᠯᠡᠰ ᠤᠨ ᠲᠥᠷᠥᠯ ᠵᠦᠶᠯ ᠵᠢᠴᠢ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠤᠯᠠᠮ

ᠨᠢᠭᠡ ᠠᠯᠬᠤᠮ ᠴᠢᠩᠭᠠᠳᠬᠠᠵᠦ᠂ ᠲᠥᠷᠥᠯ ᠵᠦᠶᠯ ᠤᠨ ᠪᠣᠳᠠᠲᠠᠶ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠶ ᠭᠡᠵᠡᠢ᠃

      ᠴᠢ᠊᠂ ᠳᠠᠯᠠᠨᠳᠠᠢ ᠴᠢᠬᠤᠯᠠᠴᠢᠯᠠᠭᠰᠠᠨ ᠨᠢ ᠬᠦᠷᠢᠶᠡᠯᠡᠩ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠤᠨ ᠤ ᠠᠵᠢᠯᠯᠠᠭ᠎ᠠ ᠪᠠᠷ ᠲᠣᠬᠢᠶᠠᠯ

ᠪᠤᠯᠭᠠᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠬᠦᠷᠢᠶᠡᠯᠡᠩ ᠲᠣᠭᠤᠷᠢᠭ ᠤᠨ ᠪᠦᠲᠦᠭᠡᠨ

ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ

᠃ ᠤᠶᠢᠢᠯᠠᠭᠠᠭᠳᠠᠬᠤᠨ ᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠢᠨᠲ᠋ᠧᠷ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ

ᠴᠢᠩᠭᠠᠳᠬᠠᠵᠤ᠂ ᠦᠢᠯᠡᠴᠢᠯᠡᠬᠦ᠂ ᠬᠠᠮᠢᠶᠠᠷᠬᠤ᠂ ᠳᠡᠯᠭᠡᠨ ᠦᠵᠡᠭᠦᠯᠬᠦ ᠶᠢᠨ ᠲᠤᠭᠤᠷᠢᠨ ᠳᠤ ᠣᠶᠤᠨᠴᠢ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ

ᠢᠳᠡᠪᠬᠢᠲᠡᠢ ᠠᠬᠢᠭᠤᠯᠬᠤ ᠬᠡᠷᠡᠭᠲᠡᠢ︔ ᠡᠯ᠎ᠡ ᠬᠦᠷᠢᠶᠡᠯᠡᠩ ᠲᠣᠭᠤᠷᠢᠭ ᠤᠨ ᠲᠡᠷᠢᠭᠦᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠ ᠠᠮᠵᠢᠯᠲᠠ ᠲᠠᠢ ᠠᠷᠭ᠎ᠠ

ᠪᠠᠷᠢᠯ ᠢ ᠰᠤᠷᠤᠯᠴᠠᠨ ᠯᠠᠪᠯᠠᠯᠲᠠ ᠪᠣᠯᠭᠠᠵᠤ᠂ ᠲᠤᠰ ᠪᠡᠶ᠎ᠡ ᠶᠢᠨ ᠬᠥᠭᠵᠢᠯᠲᠡ ᠶᠢᠨ ᠳᠠᠪᠠᠭᠤᠯᠢᠭ ᠪᠣᠯᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠵᠥᠷᠢᠶ᠎ᠡ

ᠬᠦᠷᠦᠯᠴᠡᠬᠦ ᠦᠭᠡᠶ ᠲᠠᠯ᠎ᠠ ᠶᠢ ᠣᠨᠣᠪᠴᠢᠲᠠᠶ ᠡᠷᠢᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠡᠳᠬᠢᠮᠵᠢ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢ

ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠰᠡᠳᠬᠢᠮᠵᠢ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠦᠷᠢᠶᠡᠯᠡᠩ ᠲᠣᠭᠤᠷᠢᠭ ᠤᠨ ᠪᠥᠲᠥᠭᠡᠨ

ᠪᠠᠶᠢᠭᠤᠯᠤᠯᠳᠠ ᠶᠢ ᠳᠠᠬᠢᠨ ᠰᠢᠨ᠎ᠡ ᠲᠦᠪᠰᠢᠨ ᠳᠤ ᠬᠦᠷᠭᠡᠬᠦ ᠶᠢ ᠠᠬᠢᠭᠤᠯᠤᠨ᠎ᠠ︔ ᠬᠦᠷᠢᠶᠡᠯᠡᠩ ᠲᠣᠭᠤᠷᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ

ᠦᠷᠭᠦᠯᠵᠢᠯᠡᠨ ᠠᠬᠢᠭᠤᠯᠵᠤ᠂ ᠨᠠᠷᠢᠯᠢᠭ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠪᠣᠳᠠᠲᠠᠶ ᠠᠷᠭ᠎ᠠ ᠬᠡᠮᠵᠢᠶ᠎ᠡ ᠠᠪᠴᠤ

ᠬᠦᠷᠢᠶᠡᠯᠡᠩ ᠲᠣᠭᠤᠷᠢᠭ ᠤᠨ ᠥᠪᠡᠷ ᠤᠨ ᠥᠷᠲᠡᠭ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ

ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ᠂ ᠦᠶᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠥᠷᠢᠰᠥᠯᠳᠦᠭᠡᠨ ᠤ ᠳᠠᠪᠠᠭᠤᠯᠢᠭ ᠢ ᠳᠡᠭᠡᠭᠰᠢᠯᠡᠭᠦᠯᠦᠨ᠂

ᠬᠦᠷᠢᠶᠡᠯᠡᠩ ᠲᠣᠭᠤᠷᠢᠭ ᠤᠨ ᠭᠤᠤᠯᠯᠠᠬᠤ ᠥᠷᠢᠰᠥᠯᠳᠦᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃

           

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ