ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠰᠤᠶᠤᠯ ᠵᠢᠭᠤᠯᠴᠢᠯᠠᠯ ᠤᠨ ᠨᠡᠬᠡᠬᠡᠨ ᠬᠦᠭᠵᠢᠬᠦᠯᠤᠯᠳᠡ ᠶᠢ ᠴᠢᠩᠭᠠᠳᠬᠠᠵᠦ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠠᠵᠢᠯ ᠤᠨ ᠬᠤᠷᠡᠯ ᠬᠤᠷᠡᠯᠳᠤᠪᠠ  ᠪᠦ᠋ ᠰᠢᠶᠤᠤ ᠯᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/6/12
      6 ᠰᠠᠷ᠎ᠠ ᠶᠢᠨ 11 ᠤ ᠦᠳᠡ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ  ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠰᠤᠶᠤᠯ ᠵᠢᠭᠤᠯᠴᠢᠯᠠᠯ ᠤᠨ  ᠨᠡᠬᠡᠬᠡᠨ ᠬᠦᠭᠵᠢᠬᠦᠯᠤᠯᠳᠡ ᠶᠢ ᠴᠢᠩᠭᠠᠳᠬᠠᠵᠦ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠠᠵᠢᠯ ᠤᠨ ᠬᠤᠷᠡᠯ  ᠬᠤᠷᠡᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ  ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠡᠯ ᠳᠤ ᠤᠷᠤᠯᠴᠠᠵᠥ ᠶᠠᠷᠢᠶ᠎ᠠ ᠲᠠᠯᠪᠢᠵᠠᠢ᠃  

 

       ᠪᠦ᠋ ᠰᠢᠶᠤᠤ ᠯᠢᠨ᠂ ᠬᠠᠳᠤᠨ ᠭᠤᠤᠯ ᠲᠠᠭᠠᠤ ᠤᠷᠤᠨ ᠤ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ  ᠰᠠᠶᠢᠳᠠᠢ ᠬᠦᠭᠵᠢᠯᠳᠡ ᠶᠢ ᠠᠬᠢᠭᠤᠯᠬᠤ ᠪᠤᠯ

ᠪᠦᠬᠦ ᠤᠯᠤᠰ ᠤᠨ ᠬᠦᠭᠵᠢᠯᠳᠡ ᠶᠢᠨ ᠶᠡᠭᠡ ᠲᠡᠯ᠎ᠡ ᠳᠠᠬᠢ ᠦᠪᠤᠷ ᠮᠤᠩᠭᠤᠯ ᠤᠨ ᠡᠷᠬᠡᠪᠰᠢ ᠰᠠᠶᠢᠳᠤᠷ ᠡᠬᠦᠷᠬᠡᠯᠡᠬᠦ ᠤᠯᠤᠰ ᠲᠦᠷᠦ ᠶᠢᠨ ᠬᠠᠷᠢᠭᠤᠴᠠᠯᠭ᠎ᠠ ᠪᠤᠯᠬᠤ ᠪᠠᠷ

ᠪᠠᠷᠠᠬᠤ ᠦᠬᠡᠢ᠂  ᠦᠪᠤᠷ ᠮᠤᠩᠭᠤᠯ ᠤᠨ ᠲᠤᠰ ᠪᠡᠶ᠎ᠡ ᠶᠢᠨ ᠬᠦᠭᠵᠢᠯᠳᠡ ᠶᠢᠨ ᠲᠤᠯᠭᠠᠮ ᠬᠡᠷᠡᠭᠴᠡᠭᠡ ᠪᠤᠯᠤᠨ ᠴᠢᠬᠤᠯᠠ ᠶᠡᠭᠡ ᠠᠵᠠ ᠲᠤᠬᠢᠶᠠᠯ ᠪᠤᠯᠤᠨ᠎ᠠ᠂

ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠯᠤᠭ᠎ᠠ ᠪᠠᠷᠢᠮᠵᠢᠶᠠᠯᠠᠵᠥ ᠬᠠᠷᠭᠤᠭᠤᠯᠤᠨ ᠰᠤᠷᠤᠯᠴᠠᠵᠥ᠂ ᠤᠯᠤᠰ ᠲᠦᠷᠦ ᠶᠢᠨ

ᠵᠤᠭᠰᠤᠴᠠ ᠪᠠᠨ ᠤᠯᠠᠮ ᠴᠢᠨᠠᠬᠰᠢᠳᠠ ᠲᠡᠭᠡᠭᠰᠢᠯᠡᠬᠦᠯᠵᠥ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠥᠩᠬᠦᠨ ᠠᠭᠤᠯᠠ ᠬᠡᠬᠦ ᠤᠢᠢᠯᠠᠭᠠᠬᠳᠠᠬᠤᠨ ᠢ

ᠪᠠᠷᠢᠮᠳᠠᠯᠠᠵᠥ᠂ ᠬᠠᠳᠤᠨ ᠭᠤᠤᠯ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ  ᠬᠦᠭᠵᠢᠯᠳᠡ ᠶᠢ ᠠᠬᠢᠭᠤᠯᠬᠤ ᠬᠠᠷᠢᠭᠤᠴᠠᠯᠭᠠᠳᠤ ᠰᠡᠳᠬᠢᠯᠬᠡ

ᠪᠤᠯᠤᠨ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠳᠡᠢ᠃ ᠬᠠᠳᠤᠨ ᠭᠤᠤᠯ ᠲᠠᠭᠠᠤ ᠶᠢᠨ ᠡᠯ᠎ᠡ ᠠᠶᠢᠮᠠᠭ ᠬᠤᠳᠠ ᠶᠢᠨ ᠬᠢᠨ ︽ᠬᠦᠯᠬᠡ ᠰᠢᠳᠡᠷ᠎ᠡ︾  

ᠪᠤᠯᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠵᠥ᠂ ᠪᠠᠶᠢᠭᠠᠯᠢ ᠶᠢ ᠬᠦᠨᠳᠦᠳᠬᠡᠵᠥ᠂ ᠪᠠᠶᠢᠭᠠᠯᠢ ᠶᠢᠨ ᠵᠢᠮ᠎ᠡ ᠶᠤᠰᠤ   ᠶᠢ ᠬᠦᠨᠳᠦᠳᠬᠡᠵᠥ᠂ ᠪᠦᠬᠦ ᠤᠷᠤᠨ ᠳᠤ ᠠᠮᠢ

ᠠᠬᠤᠢ ᠶᠢ ᠤᠷᠢᠳ ᠢᠶᠠᠷ ᠪᠤᠳᠤᠯᠬᠢᠯᠠᠨ ᠪᠤᠬᠢᠷᠳᠤᠯ ᠦᠭᠡᠢ  ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ

ᠲᠦᠷᠦᠬᠦᠯᠡᠨ  ᠵᠠᠮᠨᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃    

      ᠪᠦ᠋ ᠰᠢᠶᠤᠤ ᠯᠢᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢ ᠴᠢᠩᠭᠠᠳᠬᠠᠬᠤ ᠶᠢ

ᠪᠠᠳᠤᠯᠠᠵᠥ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠶᠡᠷᠤᠩᠬᠡᠶᠢᠯᠡᠭᠰᠡᠡ ᠵᠠᠰᠠᠯᠳᠠ ᠶᠢ ᠬᠦᠴᠦᠯᠡᠨ ᠰᠠᠶᠢᠳᠤᠷ ᠠᠳᠬᠤᠵᠥ᠂

ᠲᠠᠷᠢᠶᠠᠯᠠᠩ ᠮᠠᠯ ᠠᠵᠥ ᠠᠬᠤᠢ ᠶᠢᠨ ᠦᠢᠯᠡᠳᠪᠤᠷᠢᠯᠡᠯ᠂ ᠡᠨᠧᠷᠬᠢ ᠡᠬᠢ ᠪᠠᠶᠠᠯᠢᠭ ᠢ ᠨᠡᠬᠡᠬᠡᠨ ᠬᠦᠭᠵᠢᠬᠦᠯᠵᠥ ᠠᠰᠢᠬᠯᠠᠬᠤ᠂ ᠴᠢᠬᠤᠯᠠ ᠶᠡᠭᠡ ᠲᠦᠷᠦᠯ ᠵᠦᠢᠯ ᠪᠤᠯᠤᠨ

ᠠᠵᠥ ᠦᠢᠯᠡᠰ ᠤᠨ ᠬᠦᠷᠢᠶᠡᠯᠡᠩ ᠲᠤᠭᠤᠷᠢᠭ ᠤᠨ ᠪᠦᠳᠦᠬᠡᠨ ᠪᠠᠶᠢᠭᠤᠯᠤᠯᠳᠠ ᠪᠠᠶᠢᠷᠢᠰᠢᠭᠤᠯᠤᠯ ᠪᠦᠷ ᠡᠷᠬᠡᠪᠰᠢ ᠰᠠᠪᠠ ᠭᠠᠵᠠᠷ ᠤᠨ ᠪᠦᠬᠦᠯᠢ ᠴᠤᠭᠴᠠ ᠶᠢᠨ ᠠᠮᠢ

ᠠᠬᠤᠢ ᠶᠢᠨ ᠬᠠᠮᠠᠭᠠᠯᠠᠯᠳᠠ ᠶᠢᠨ ᠪᠤᠷᠤ ᠲᠦᠯᠥᠪ ᠤᠨ ᠲᠤᠳᠤᠷ᠎ᠠ ᠶᠠᠪᠤᠭᠳᠠᠬᠤ ᠬᠡᠷᠡᠭᠳᠠᠢ︔ ᠪᠣᠢ ᠪᠦᠬᠦᠢ ᠠᠵᠥ ᠦᠢᠯᠡᠰ ᠤᠨ ᠬᠦᠭᠵᠢᠯᠳᠡ ᠪᠦᠷ  ᠡᠷᠬᠡᠪᠰᠢ ᠰᠠᠪᠠ

ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠠᠮᠤᠷ ᠲᠦᠪᠰᠢᠨ ᠤ ᠪᠠᠶᠢᠷᠢᠰᠢᠯ ᠤᠨ ᠲᠤᠭᠳᠠᠭᠤᠨ ᠪᠠᠶᠢᠳᠠᠯ ᠳᠤ ᠰᠦᠷᠳᠡᠬᠦᠯᠤᠯ ᠪᠤᠯᠬᠤ ᠦᠭᠡᠢ ᠪᠠᠶᠢᠬᠤ ᠪᠠᠷ

ᠵᠠᠷᠴᠢᠮ ᠪᠤᠯᠭᠠᠬᠤ ᠬᠡᠷᠡᠭᠳᠡᠢ᠃ ᠤᠰᠤ  ᠠᠷᠪᠢᠯᠠᠬᠤ ᠤᠬᠠᠮᠰᠠᠷ ᠢ ᠪᠠᠳᠤ ᠪᠤᠢ ᠪᠤᠯᠭᠠᠵᠥ᠂ ᠤᠰᠤ ᠪᠠᠷ ᠬᠤᠳᠠ ᠶᠢ ᠲᠤᠭᠳᠠᠭᠠᠬᠤ᠂ ᠤᠰᠤ ᠪᠠᠷ ᠭᠠᠵᠠᠷ ᠢ  

ᠲᠤᠭᠳᠠᠭᠠᠬᠤ᠂ ᠤᠰᠤ ᠪᠠᠷ ᠬᠦᠮᠥᠨ ᠢ ᠲᠤᠭᠳᠠᠭᠠᠬᠤ᠂ ᠤᠰᠤ ᠪᠠᠷ ᠤᠨᠠᠯᠳᠠ ᠶᠢ ᠲᠤᠭᠳᠠᠭᠠᠬᠤ ᠶᠢ ᠪᠠᠷᠢᠮᠳᠠᠯᠠᠵᠥ᠂  ᠵᠦᠢ ᠵᠤᠬᠢᠰ ᠦᠬᠡᠢ ᠪᠠᠷ ᠤᠰᠤ ᠬᠡᠷᠡᠭᠯᠡᠬᠦ

ᠬᠡᠷᠡᠭᠴᠡᠭᠡ ᠶᠢ ᠡᠷᠡᠰ ᠬᠤᠷᠢᠬᠯᠠᠬᠤ ᠬᠡᠷᠡᠭᠳᠡᠢ᠃ ᠠᠵᠥ ᠦᠢᠯᠡᠰ ᠤᠨ  ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠬᠦ ᠶᠢ ᠲᠦᠷᠬᠡᠳᠬᠡᠨ ᠠᠬᠢᠭᠤᠯᠵᠥ᠂ ᠤᠷᠤᠨ

ᠪᠦᠰᠡ ᠶᠢᠨ ᠪᠠᠶᠢᠭᠠᠯᠢ   ᠶᠢᠨ ᠨᠦᠬᠦᠴᠡᠯ᠂ ᠡᠬᠢ ᠪᠠᠶᠠᠯᠢᠭ ᠤᠷᠴᠢᠨ ᠲᠤᠭᠤᠷᠢᠨ ᠤ ᠲᠠᠭᠠᠭᠠᠴᠠ ᠶᠢᠨ ᠴᠢᠳᠠᠪᠤᠷᠢ ᠪᠤᠯᠤᠨ ᠠᠵᠥ ᠠᠬᠤᠢ  ᠨᠡᠶᠢᠬᠡᠮ ᠤᠨ ᠬᠦᠭᠵᠢᠯᠳᠡ

 ᠶᠢᠨ ᠰᠠᠭᠤᠷᠢ ᠶᠢ ᠦᠨᠳᠦᠰᠦᠯᠡᠨ᠂ ᠵᠦᠢ ᠵᠤᠬᠢᠰᠳᠠᠢ ᠠᠵᠥ ᠦᠢᠯᠡᠰ ᠤᠨ ᠪᠠᠶᠢᠷᠢᠰᠢᠯ  ᠪᠤᠯᠤᠨ ᠠᠵᠥ ᠦᠢᠯᠡᠰ ᠤᠨ ᠬᠡᠪᠴᠢᠶ᠎ᠡ ᠶᠢ ᠲᠤᠭᠳᠠᠭᠠᠵᠥ᠂ ᠡᠷᠬᠢᠯᠳᠡᠳᠤ

ᠠᠵᠥ ᠠᠬᠤᠢ ᠶᠢ ᠬᠦᠭᠵᠢᠬᠦᠯᠬᠦ ᠬᠡᠷᠡᠭᠳᠡᠢ᠃  ᠬᠠᠳᠤᠨ ᠭᠤᠤᠯ ᠤᠨ ᠰᠤᠶᠤᠯ ᠤᠨ ᠰᠢᠰᠲ᠋ᠧᠮ ᠲᠠᠢ ᠰᠤᠳᠤᠯᠭᠠᠨ ᠢ ᠴᠢᠩᠭᠠᠳᠬᠠᠵᠥ᠂ ᠬᠠᠳᠤᠨ ᠭᠤᠤᠯ ᠤᠨ ᠰᠤᠶᠤᠯ  

 ᠤᠨ ᠴᠠᠭ ᠦᠶ᠎ᠡ ᠶᠢᠨ ᠦᠨ᠎ᠡ ᠦᠷᠳᠡᠭ ᠢ ᠬᠦᠨᠵᠡᠬᠡᠢ ᠠᠭᠤᠳᠠᠯᠵᠥ᠂ ᠦᠪᠤᠷ ᠮᠤᠩᠭᠤᠯ ᠤᠨ ᠤᠨᠴᠠᠯᠢᠭ ᠲᠠᠢ  ᠬᠠᠳᠤᠨ ᠭᠤᠤᠯ ᠤᠨ ᠰᠤᠶᠤᠯ᠂ ᠲᠠᠯ᠎ᠠ ᠨᠤᠳᠤᠭ ᠤᠨ

ᠰᠤᠶᠤᠯ ᠢ ᠰᠠᠶᠢᠳᠤᠷ ᠬᠠᠮᠠᠭᠠᠯᠠᠵᠥ᠂ ᠰᠠᠶᠢᠳᠤᠷ ᠤᠯᠠᠮᠵᠢᠯᠠᠨ  ᠵᠠᠯᠭᠠᠮᠵᠢᠯᠠᠵᠥ᠂ ᠰᠠᠶᠢᠳᠤᠷ ᠪᠠᠳᠠᠷᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃    

      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ  ᠤᠷᠤᠨ ᠤ ᠪᠠᠶᠢᠩᠭᠤ ᠶᠢᠨ ᠲᠡᠳ᠋

ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠡᠯ ᠢ ᠡᠷᠬᠢᠯᠡᠵᠥ ᠶᠠᠷᠢᠶ᠎ᠠ ᠲᠠᠯᠪᠢᠪᠠ᠃  ᠲᠡᠷᠡ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠶᠡᠷᠤᠩᠬᠡᠢ

ᠱᠦᠵᠢ ᠰᠢ ᠶᠢᠨ ᠫᠢᠩ ᠤᠨ ᠦᠪᠤᠷ  ᠮᠤᠩᠭᠤᠯ ᠤᠨ ᠠᠵᠢᠯ ᠤᠨ ᠲᠤᠬᠠᠢ ᠪᠠ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ  ᠪᠤᠯᠤᠨ

ᠴᠢᠨᠠᠷ ᠰᠠᠶᠢᠳᠠᠢ ᠬᠦᠭᠵᠢᠯᠳᠡ ᠶᠢᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ  ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠥ᠂ ᠬᠠᠳᠤᠨ ᠭᠤᠤᠯ ᠢ ᠰᠠᠶᠢᠳᠤᠷ  ᠬᠠᠮᠠᠭᠠᠯᠠᠵᠥ ᠰᠠᠶᠢᠳᠤᠷ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠶᠢ ᠤᠬᠠᠮᠰᠠᠷ ᠠᠴᠠ ᠪᠠᠨ

ᠡᠬᠦᠷᠬᠡᠯᠡᠵᠥ᠂ ᠲᠦᠯᠥᠪᠵᠢᠬᠦᠯᠬᠡ ᠨᠠᠶᠢᠷᠠᠭᠤᠯᠤᠨ ᠵᠤᠬᠢᠶᠠᠬᠤ ᠠᠬᠢᠴᠠ ᠶᠢ ᠲᠦᠷᠬᠡᠳᠬᠡᠨ ᠠᠬᠢᠭᠤᠯᠵᠥ᠂ ᠴᠢᠬᠤᠯᠠ  ᠶᠡᠭᠡ ᠲᠦᠷᠦ ᠶᠢᠨ ᠪᠤᠳᠤᠯᠭ᠎ᠠ ᠶᠢᠨ

ᠢᠨᠵᠧᠨᠧᠷᠢᠩ ᠢᠶᠠᠷ ᠤᠯᠤᠰ ᠤᠨ ᠲᠦᠯᠥᠪᠵᠢᠬᠦᠯᠬᠡ ᠳᠤ ᠤᠷᠤᠭᠤᠯᠬᠤ ᠪᠠᠷ ᠴᠢᠷᠮᠡᠶᠢᠵᠥ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠯᠠᠪᠳᠠᠭᠤᠨ

ᠪᠠᠳᠤᠳᠠᠢ ᠠᠬᠢᠭᠤᠯᠵᠥ᠂ ᠴᠢᠨᠠᠷ  ᠰᠠᠶᠢᠳᠠᠢ ᠬᠦᠭᠵᠢᠯᠳᠡ ᠶᠢᠨ ᠲᠤᠮᠳᠠ ᠦᠨᠳᠤᠷ ᠲᠦᠪᠰᠢᠨ ᠪᠦᠬᠦᠢ ᠬᠠᠮᠠᠭᠠᠯᠠᠯᠳᠠ ᠶᠢ ᠪᠡᠶᠡᠯᠡᠬᠦᠯᠵᠥ᠂ ᠦᠨᠳᠤᠷ  ᠲᠦᠪᠰᠢᠨ

ᠪᠦᠬᠦᠢ ᠬᠠᠮᠠᠭᠠᠯᠠᠯᠳᠠ ᠶᠢᠨ ᠲᠤᠮᠳᠠ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠠᠷ ᠬᠦᠴᠦᠯᠡᠬᠦ  ᠬᠡᠷᠡᠭᠳᠡᠢ ᠬᠡᠵᠥ ᠴᠢᠬᠤᠯᠠᠴᠢᠯᠠᠪᠠ᠃  

      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠬᠤᠷᠡᠯ ᠳᠤ ᠤᠷᠤᠯᠴᠠᠪᠠ᠃ ᠬᠤᠷᠡᠯ  ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ

ᠬᠦᠭᠵᠢᠬᠦᠯᠥᠯᠳᠡ ᠪᠠ ᠦᠬᠡᠷᠡᠴᠢᠯᠡᠯᠳᠡ ᠶᠢᠨ ᠵᠦᠪᠯᠡᠯ᠂ ᠠᠮᠢ ᠠᠬᠤᠢ  ᠤᠷᠴᠢᠨ ᠲᠤᠭᠤᠷᠢᠨ ᠤ ᠲᠢᠩᠬᠢᠮ᠂ ᠰᠤᠶᠤᠯ ᠵᠢᠭᠤᠯᠴᠢᠯᠠᠯ ᠤᠨ ᠲᠢᠩᠬᠢᠮ᠂ ᠪᠠᠶᠢᠭᠠᠯᠢ ᠶᠢᠨ

ᠡᠬᠢ ᠪᠠᠶᠠᠯᠢᠭ ᠤᠨ  ᠲᠢᠩᠬᠢᠮ᠂ ᠤᠰᠤᠨ ᠠᠰᠢᠬᠯᠠᠯᠳᠠ ᠶᠢᠨ ᠲᠢᠩᠬᠢᠮ᠂ ᠤᠢ ᠰᠢᠭᠤᠢ ᠨᠤᠳᠤᠭ ᠪᠡᠯᠴᠢᠬᠡᠷ ᠤᠨ ᠲᠢᠩᠬᠢᠮ ᠪᠤᠯᠤᠨ  ᠪᠠᠶᠠᠨᠨᠠᠭᠤᠷ ᠬᠤᠳᠠ᠂ ᠠᠯᠠᠱᠠ

ᠠᠶᠢᠮᠠᠭ᠂ ᠬᠦᠬᠡᠬᠤᠳᠠ᠂ ᠪᠤᠭᠤᠳᠤ ᠬᠤᠳᠠ᠂ ᠤᠯᠠᠭᠠᠨᠴᠠᠪ ᠬᠤᠳᠠ᠂ ᠤᠷᠳᠤᠰ  ᠬᠤᠳᠠ᠂ ᠤᠢᠬᠠᠢ ᠬᠤᠳᠠ ᠶᠢᠨ ᠬᠢᠨ ᠤᠷᠢᠳ ᠬᠤᠵᠢᠳ ᠦᠬᠡ ᠬᠡᠯᠡᠪᠡ᠃

      ᠬᠤᠷᠡᠯ ᠨᠢ ᠸᠢᠳᠢᠣ᠋ ᠬᠡᠯᠪᠡᠷᠢ ᠪᠠᠷ ᠶᠠᠪᠤᠭᠳᠠᠵᠠᠢ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ

ᠭᠤᠤ ᠬᠤᠸᠠᠢ ᠵᠢᠩ᠂ ᠬᠤᠰᠢᠭᠤᠨ ᠤ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠳᠠᠨ ᠮᠠᠨ ᠤ ᠬᠤᠰᠢᠭᠤᠨ ᠤ ᠰᠠᠯᠪᠤᠷᠢ ᠬᠤᠷᠠᠯ ᠤᠨ

ᠲᠠᠯᠠᠪᠠᠢ ᠳᠤ ᠬᠤᠷᠠᠯ ᠤᠨ ᠠᠭᠤᠯᠭ᠎ᠠ ᠶᠢ ᠬᠦᠯᠢᠶᠠᠨ ᠠᠪᠴᠦ ᠰᠤᠨᠤᠰᠪᠠ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ