| | ᠨᠢᠭᠡ᠂ 2019 ᠤᠨ ᠤ ᠳᠠᠯᠠᠳ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠠᠮᠵᠢᠯᠳᠠ ᠪᠦᠳᠦᠮᠵᠢ᠄ | 1. ᠠᠵᠦ ᠠᠬᠤᠢ ᠶᠢᠨ ᠬᠦᠭᠵᠢᠯᠳᠡ ᠶᠢᠨ ᠲᠠᠯ᠎ᠠ ᠪᠠᠷ᠂ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠰᠢᠨ᠎ᠡ ᠠᠮᠵᠢᠯᠳᠡ ᠤᠯᠵᠦ᠂ ᠳᠤᠭᠳᠠᠮᠠᠯ ᠬᠦᠷᠦᠩᠬᠡ | ᠶᠢᠨ ᠪᠡᠯᠡ ᠤᠷᠤᠭᠤᠯᠤᠯᠳᠠ103 ᠳ᠋ᠦᠩᠰᠢᠭᠤᠷ ᠳᠦᠭᠦᠷᠢᠭ ᠢ ᠳᠠᠪᠠᠵᠠᠢ᠃ ᠡᠳ᠋ ᠤᠨ ᠵᠠᠰᠠᠭ ᠤᠨ ᠤᠷᠤᠯᠭ᠎ᠠ 3 % ᠪᠠᠷ ᠨᠡᠮᠡᠭᠳᠡᠵᠦ᠂ ᠤᠯᠤᠰ ᠤᠨ ᠳᠤᠳᠤᠭᠠᠳᠤ | ᠶᠢᠨ ᠦᠢᠯᠡᠳᠪᠤᠷᠢᠯᠡᠯ ᠤᠨ ᠶᠡᠷᠦᠩᠬᠡᠢ ᠦᠷᠳᠡᠭ 4% ᠪᠠᠷ ᠨᠡᠮᠡᠭᠳᠡᠭᠰᠡᠨ ᠪᠠᠶᠢᠨ᠎ᠠ᠃ | 2. ᠬᠤᠳᠠ ᠬᠦᠳᠡᠭᠡ ᠶᠢᠨ ᠰᠠᠭᠤᠷᠢ ᠪᠦᠳᠦᠭᠡᠨ ᠪᠠᠶᠢᠭᠤᠯᠤᠯᠳᠠ ᠶᠢᠨ ᠬᠡᠪᠴᠢᠶ᠎ᠠ ᠶᠢ ᠦᠷᠭᠡᠳᠭᠡᠵᠡᠢ᠃ ᠬᠦᠳᠡᠭᠡ ᠳᠤᠰᠬᠤᠨ ᠤ ᠮᠠᠯ ᠲᠠᠷᠢᠶᠠᠯᠠᠩ ᠪᠠ ᠬᠤᠳᠠ | ᠶᠢᠨ ᠰᠠᠭᠤᠷᠢ ᠪᠦᠳᠦᠭᠡᠨ ᠪᠠᠶᠢᠭᠤᠯᠤᠯᠳᠠ ᠳᠤ ᠪᠠᠷᠤᠭ 20 ᠳ᠋ᠦᠩᠰᠢᠭᠤᠷ ᠳᠦᠭᠦᠷᠢᠭ ᠤᠨ ᠪᠠᠯᠠ ᠤᠷᠤᠭᠤᠯᠤᠭᠰᠠᠨ ᠪᠠᠶᠢᠨ᠎ᠠ᠃ ᠤᠨᠴᠠᠭᠠᠶᠢᠯᠠᠨ ᠲᠠᠷᠢᠶᠠᠯᠠᠩ ᠮᠠᠯ | ᠠᠵᠦ ᠠᠬᠤᠢ ᠶᠢᠨ ᠪᠠᠯᠠ ᠤᠷᠤᠭᠤᠯᠤᠯᠳᠠ ᠶᠢ ᠴᠢᠬᠤᠯᠠᠴᠢᠯᠠᠵᠦ᠂ ᠳᠦᠪᠯᠡᠷᠡᠭᠦᠯᠦᠨ ᠡᠵᠡᠩᠨᠡᠬᠦ ᠪᠠ ᠬᠡᠪᠴᠢᠶᠠᠵᠢᠭᠦᠯᠦᠨ ᠡᠵᠡᠩᠨᠡᠬᠦ ᠶᠢ ᠪᠦᠬᠦ ᠲᠠᠯ᠎ᠠ ᠪᠠᠷ ᠳᠦᠯᠬᠢᠨ | ᠠᠬᠢᠭᠤᠯᠪᠠ᠃ | 3. ᠠᠷᠠᠳ ᠤᠨ ᠤᠷᠤᠯᠭ᠎ᠠ ᠶᠢ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠢᠳᠡᠪᠬᠢᠳᠡᠢ ᠦᠷᠨᠢᠭᠦᠯᠪᠠ᠃ | 2019 ᠣᠨ ᠳᠤ75 ᠡᠷᠦᠬᠡ ᠶᠢ ᠶᠠᠳᠠᠭᠤ ᠠᠴᠠ ᠠᠩᠭᠢᠵᠢᠷᠠᠭᠤᠯᠵᠦ᠂ 2452 ᠡᠷᠦᠬᠡ ᠶᠢᠨ5971 ᠬᠦᠮᠦᠨ ᠢ ᠶᠠᠳᠠᠭᠤ ᠠᠴᠠ ᠠᠩᠭᠢᠵᠢᠷᠠᠭᠤᠯᠬᠤ ᠪᠠᠷ ᠶᠡᠬᠡᠬᠡᠨ | ᠴᠢᠷᠮᠠᠶᠢᠯᠭ᠎ᠠ ᠭᠠᠷᠭᠠᠵᠠᠢ᠃ 2019 ᠤᠨ ᠳᠤ ᠠᠷᠠᠳ ᠤᠨ ᠤᠷᠤᠯᠭ᠎ᠠ 8% ᠪᠠᠷ ᠨᠡᠮᠡᠭᠳᠡᠵᠡᠢ᠃ | 4. ᠺᠠᠳ᠋ᠷ ᠤᠨ ᠡᠩᠨᠡᠭᠡᠨ ᠤ ᠪᠦᠳᠦᠭᠡᠨ ᠪᠠᠶᠢᠭᠤᠯᠤᠯᠳᠠ ᠪᠠ ᠠᠷᠠᠯᠵᠢᠶ᠎ᠠ ᠬᠤᠳᠠᠯᠳᠤᠭᠠᠨ ᠤ ᠡᠵᠡᠩᠨᠡᠯᠳᠡ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠲᠠᠯ᠎ᠠ | ᠪᠠᠷ ᠮᠡᠳᠡᠭᠳᠡᠮ᠎ᠡ ᠠᠮᠵᠢᠯᠳᠠ ᠤᠯᠵᠠᠢ᠃ | ᠬᠤᠶᠠᠷ᠂ 2020 ᠤᠨ ᠤ ᠠᠵᠢᠯ ᠤᠨ ᠲᠦᠯᠦᠪᠯᠡᠭᠡ | 1. ᠬᠢᠵᠢᠭ ᠢ ᠰᠡᠷᠭᠡᠶᠢᠯᠡᠵᠦ ᠬᠢᠵᠢᠭ ᠢ ᠡᠰᠡᠷᠭᠦᠴᠡᠬᠦ ᠠᠵᠢᠯ ᠢ ᠦᠷᠭᠦᠯᠵᠢᠯᠠᠨ ᠴᠢᠩᠭ᠎ᠠ ᠠᠳᠬᠤᠨ᠎ᠠ᠃ ᠰᠦᠯᠵᠢᠶᠠᠨ ᠤ ᠮᠡᠷᠭᠡᠵᠢᠯ ᠢ ᠠᠰᠢᠭᠯᠠᠬᠤ᠂ ᠤᠯᠠᠨ | ᠲᠦᠮᠡᠨ ᠤ ᠬᠢᠵᠢᠭ ᠢ ᠰᠡᠷᠭᠡᠶᠢᠯᠡᠬᠦ ᠤᠬᠠᠮᠰᠠᠷ ᠪᠤᠯᠤᠨ ᠬᠢᠵᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠬᠦᠯᠬᠦ ᠪᠠᠷ ᠳᠠᠮᠵᠢᠨ᠂ ᠬᠢᠵᠢᠭ ᠰᠡᠷᠭᠡᠶᠢᠯᠡᠯᠳᠡ ᠶᠢᠨ ᠦᠷ᠎ᠡ | ᠪᠦᠳᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | 2. ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠴᠢᠬᠤᠯᠠᠴᠢᠯᠠᠨ᠂ ᠠᠵᠦ ᠠᠬᠤᠢ ᠶᠢᠨ ᠬᠦᠭᠵᠢᠯᠳᠡ ᠶᠢ ᠠᠬᠢᠭᠤᠯᠤᠨ᠎ᠠ᠃ ᠨᠡᠶᠢᠳᠡ126 ᠳᠦᠷᠦᠯ | ᠵᠦᠢᠯ ᠢ ᠪᠦᠳᠦᠭᠡᠨ ᠪᠠᠶᠢᠭᠤᠯᠵᠦ᠂100 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠤᠯᠳᠠ ᠶᠢ ᠪᠠᠳᠤᠯᠠᠵᠦ᠂110 ᠳ᠋ᠦᠩᠰᠢᠭᠤᠷ ᠳᠦᠭᠦᠷᠢᠭ ᠢ ᠪᠡᠶᠡᠯᠡᠭᠦᠯᠬᠦ | ᠪᠠᠷ ᠴᠢᠷᠮᠠᠶᠢᠨ᠎ᠠ᠃ | 3. ᠠᠮᠢ ᠠᠬᠤᠢ ᠶᠢᠨ ᠳᠡᠩᠴᠡᠭᠦᠷᠢ ᠶᠢ ᠪᠠᠳᠤᠯᠠᠵᠦ᠂ ᠬᠤᠳᠠ ᠬᠦᠳᠡᠭᠡ ᠶᠢᠨ ᠠᠷᠠᠳ ᠤᠨ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ | 4. ᠠᠷᠠᠳ ᠤᠨ ᠤᠷᠤᠯᠭ᠎ᠠ ᠶᠢ ᠨᠡᠮᠡᠭᠳᠡᠭᠦᠯᠦᠨ ᠴᠢᠨᠡᠭᠡᠯᠢᠭ ᠨᠡᠶᠢᠬᠡᠮ ᠢ ᠪᠦᠳᠦᠭᠡᠨ ᠪᠠᠶᠢᠭᠤᠯᠤᠨ᠎ᠠ᠃ ᠡᠭᠦᠨ ᠳᠤ ᠶᠠᠳᠠᠭᠤ ᠠᠴᠠ ᠠᠩᠭᠢᠵᠢᠷᠠᠭᠤᠯᠬᠤ ᠠᠵᠢᠯ ᠢᠶᠠᠷ | ᠭᠤᠤᠯᠳᠠᠯᠭ᠎ᠠ ᠪᠤᠯᠭᠠᠨ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ | |