ᠽᠠᠨᠳᠠᠨᠵᠤᠤ ᠰᠤᠮᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠤᠭᠡᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/6/4
      6 ᠰᠠᠷ᠎ᠠ ᠶᠢᠨ 2 ᠤᠨ ᠡᠳᠦᠷ᠂ ᠽᠠᠨᠳᠠᠨᠵᠤᠤ ᠰᠤᠮᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠪᠠ᠃ ᠰᠤᠮᠤᠨ ᠤ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠤᠷᠤᠯᠴᠠᠨ᠂ ᠲᠦᠯᠦᠭᠡᠯᠡᠭᠴᠢ ᠪᠤᠰᠤ ᠰᠤᠮᠤᠨ ᠤ ᠰᠠᠯᠠᠭᠠᠨ ᠲᠡᠰ ᠤᠨ ᠤᠳᠤᠷᠢᠳᠤᠯᠭ᠎ᠠ ᠪᠠ ᠵᠠᠩᠭᠢᠯᠠᠭ᠎ᠠ ᠶᠢᠨ ᠺᠠᠳ᠋ᠷ᠂ ᠡᠯ᠎ᠡ ᠭᠠᠴᠠᠭ᠎ᠠ ᠲᠣᠰᠬᠤᠨ ᠤ ᠨᠢᠭᠡᠳᠦᠭᠡᠷ ᠱᠦᠵᠢ᠂ ᠨᠠᠮ ᠤᠨ ᠡᠭᠦᠷ ᠤᠨ ᠱᠦᠵᠢ᠂ ᠭᠠᠴᠠᠭᠠᠨ ᠤ ᠠᠷᠠᠳ ᠤᠨ ᠵᠥᠪᠯᠡᠯ ᠤᠨ ᠡᠷᠬᠢᠯᠡᠭᠴᠢ᠂ ᠰᠤᠮᠤᠨ ᠳᠤ ᠰᠠᠭᠤᠭ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ᠂ ᠬᠤᠲᠠ ᠬᠤᠰᠢᠭᠤ ᠬᠤᠶᠠᠷ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠪᠠ᠃

      ᠬᠤᠷᠠᠯ ᠳᠡᠭᠡᠷ᠎ᠡ ᠽᠠᠨᠳᠠᠨᠵᠤᠤ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠤᠨᠤᠰᠪᠠ᠃ ᠢᠯᠡᠳᠬᠡᠯ ᠳᠤ 2019 ᠣᠨ ᠤ

ᠠᠵᠢᠯ ᠢ ᠪᠥᠬᠦ ᠲᠠᠯ᠎ᠠ ᠪᠠᠷ ᠡᠷᠭᠢᠴᠡᠭᠦᠯᠬᠦ ᠶᠢᠨ ᠬᠠᠮᠲᠤ 2020ᠣᠨ ᠤ ᠠᠵᠢᠯ ᠢ ᠳᠤᠬᠢᠷᠠᠭᠤᠯᠤᠨ‌‍ᠪᠠᠶᠢᠷᠢᠯᠠᠭᠤᠯᠪᠠ᠃ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂

2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠽᠠᠨᠳᠠᠨᠵᠦᠦ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄

ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ

ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ

ᠠᠵᠢᠯ ᠤᠨ ᠲᠤᠬᠠᠶ ᠰᠢᠷᠢᠰ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ᠂

ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠪᠠ ᠰᠤᠮᠤᠨ ᠤ ᠨᠠᠮ ᠤᠨ ᠬᠤᠷᠢᠶ᠎ᠠ ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠤᠯᠤᠰ ᠠᠴᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ

ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂“ᠠᠵᠤ ᠦᠶᠯᠡᠰ ᠨᠢ ᠬᠦᠭᠵᠢᠭᠰᠡᠨ᠂

ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠤᠯᠪᠠᠰᠤᠨ᠂  ᠴᠡᠭᠴᠡᠯᠡᠨ‌ᠵᠠᠰᠠᠯᠲᠠ ᠨᠢ ᠪᠦᠲᠦᠮᠵᠢᠲᠡᠶ᠂ ᠠᠮᠢᠳᠤᠷᠠᠯ ᠨᠢ ᠪᠠᠶᠠᠨ

ᠴᠢᠨᠡᠭᠡᠯᠢᠭ” ᠭᠡᠬᠦ ᠶᠡᠷᠦᠩᠬᠡᠶ ᠱᠠᠭᠠᠷᠳᠠᠯᠭ᠎ᠠ ᠪᠠᠷ ᠬᠥᠭᠵᠢᠯᠲᠡ ᠶᠢᠨ ᠤᠳᠤᠷᠢᠳᠤᠮᠵᠢ ᠪᠤᠯᠭᠠᠵᠦ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠬᠡᠮ ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ

ᠪᠡᠶᠡᠯᠡᠭᠦᠯᠬᠦ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠨᠡ ᠵᠢᠯ᠂ ᠳᠣᠣᠷᠠᠬᠢ ᠲᠦᠷᠪᠡᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠡ᠄

ᠨᠢᠭᠡ ᠳᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠢ︔ ᠬᠤᠶᠠᠷ ᠲᠤ᠂ ᠠᠵᠤ

ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︔ ᠭᠤᠷᠪᠠ ᠳᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ︔ ᠳᠥᠷᠪᠡ ᠳᠤ᠂

ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃

      ᠮᠡᠳᠡᠭᠦᠯᠦᠯᠲᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠯᠳᠡ ᠶᠢ ᠨᠢᠭᠡᠳᠦᠯᠲᠡᠶ ᠲᠥᠯᠥᠪᠯᠡᠬᠦ ᠡᠭᠦᠷᠭᠡ

ᠬᠦᠨᠳᠦ ᠪᠠᠶᠢᠨ᠎ᠠ᠂ ᠽᠠᠨᠳᠠᠨᠵᠦᠦ ᠰᠤᠮᠤ ᠰᠢᠨ᠎ᠡ ᠪᠠᠶᠢᠳᠠᠯ ᠪᠣᠯᠤᠨ ᠮᠠᠯᠴᠢᠨ ᠲᠠᠷᠢᠶᠠᠴᠢᠨ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ

ᠵᠣᠬᠢᠴᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠡᠭᠦᠷᠭᠡ ᠴᠢᠳᠠᠪᠤᠷᠢ ᠶᠢ ᠬᠦᠯᠢᠶᠡᠨ ᠠᠪᠬᠤ ᠵᠡᠷᠭᠡ ᠡᠯ᠎ᠡ ᠵᠦᠶᠯ ᠤᠨ ᠡᠭᠦᠷᠭᠡ ᠶᠢ ᠲᠦᠷᠭᠡᠳᠬᠡᠨ

ᠪᠡᠶᠡᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠳᠡᠢ ᠭᠡᠵᠦ

ᠴᠢᠬᠤᠯᠠᠴᠢᠯᠠᠵᠠᠢ᠃

       ᠬᠤᠷᠠᠯ ᠠᠴᠠ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ ᠢ ᠰᠣᠨᠣᠰᠪᠠ᠃

ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ 2020 ᠣᠨ ᠳᠤ ᠽᠠᠨᠳᠠᠨᠵᠤᠤ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠶᠡᠷᠦᠩᠬᠡᠶ

ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ

ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ

ᠬᠤᠷᠢᠶ᠎ᠠ ᠪᠠ ᠰᠤᠮᠤᠨ ᠤ ᠨᠠᠮ ᠤᠨ ᠬᠤᠷᠢᠶ᠎ᠠ ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ

ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ

ᠰᠠᠶᠢᠲᠤᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠲᠦᠯᠬᠢᠨ

ᠠᠬᠢᠭᠤᠯᠵᠤ᠂ ᠪᠠᠶᠠᠨ ᠴᠢᠨᠡᠭᠡᠯᠢᠭ᠂ ᠥᠯᠵᠡᠶ ᠪᠡᠯᠭᠡ ᠲᠠᠢ᠂ ᠦᠵᠡᠰᠬᠦᠯᠡᠩᠲᠦ ᠰᠠᠶᠢᠬᠠᠨ ᠽᠠᠨᠳᠠᠨᠵᠦᠦ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ

ᠦᠵᠡᠭᠦᠯᠦᠨ᠎ᠡ᠃

      ᠲᠥᠯᠥᠭᠡᠯᠡᠭᠴᠢᠳ ᠪᠠᠰᠠ ᠳᠤᠭᠤᠶᠢᠯᠠᠩ ᠬᠤᠪᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠠᠷᠠᠳ ᠤᠨ ᠲᠦᠯᠦᠭᠡᠯᠡᠭᠴᠢᠳ ᠤᠨ ᠶᠡᠭᠡ

ᠬᠤᠷᠠᠯ ᠤᠨ ᠠᠵᠢᠯ ᠤᠨ ᠢᠯᠡᠳᠬᠡᠯ ᠢ ᠬᠢᠨᠠᠨ ᠵᠥᠪᠯᠡᠵᠦ᠂ ᠽᠠᠨᠳᠠᠨᠵᠦᠦ ᠰᠤᠮᠤᠨ ᠤ 2019 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ

ᠪᠠ 2020 ᠣᠨ ᠤ ᠡᠳ᠋ ᠤᠨ ᠵᠠᠰᠠᠭ ᠤᠨ ᠳᠦᠰᠦᠪ ᠤᠨ ᠮᠡᠳᠡᠭᠦᠯᠦᠯᠲᠡ ᠶᠢᠨ ᠰᠢᠶᠳᠪᠦᠷᠢ ᠶᠢ ᠪᠠᠲᠤᠯᠠᠪᠠ︔ 2020 ᠣᠨ ᠤ ᠽᠠᠨᠳᠠᠨᠵᠦᠦ ᠰᠤᠮᠤᠨ ᠤ

ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠳᠦᠷᠦᠯ ᠵᠦᠶᠯ ᠢ ᠪᠠᠲᠤᠯᠠᠪᠠ︔ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠶᠢ ᠰᠣᠩᠭᠤᠵᠤ᠂ ᠬᠠᠤᠯᠢ ᠶᠤᠰᠤᠨ ᠤ ᠰᠤᠩᠭᠤᠯᠳᠠ ᠪᠠᠷ ᠳᠠᠮᠵᠢᠨ᠂ ᠯᠢ ᠶᠦᠨ

ᠯᠢᠶᠠᠩ ᠽᠠᠨᠳᠠᠨᠵᠦᠦ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠷ ᠰᠣᠩᠭᠤᠭᠳᠠᠵᠤ᠂ ᠯᠢᠦᠢ ᠵᠢᠶᠦ᠋ᠨ ᠺᠤᠸᠠᠨ ᠵᠠᠰᠠᠭ ᠤᠨ

ᠣᠷᠳᠣᠨ ᠤ ᠳᠡᠳ᠋ ᠰᠤᠮᠤᠨ ᠳᠠᠷᠤᠭ᠎ᠠ ᠪᠠᠷ ᠰᠣᠩᠭᠤᠭᠳᠠᠪᠠ᠃

 

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ