ᠮᠠᠨ ᠤ ᠬᠤᠰᠢᠭᠤ ᠪᠦᠬᠦ ᠤᠷᠤᠨ ᠤ ᠲᠤᠰᠬᠠᠢ ᠲᠤᠭᠤᠷᠢᠨ ᠪᠠᠶᠢᠴᠠᠭᠠᠵᠥ ︽ᠡᠷᠬᠢᠨ ᠬᠠᠷᠠᠬᠤ︾ ᠪᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠮᠵᠢ ᠶᠢ ᠰᠢᠯᠭᠠᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠶᠢ ᠵᠤᠬᠢᠴᠠᠭᠤᠯᠬᠤ ᠸᠢᠳᠢᠤ᠋ ᠬᠤᠷᠠᠯ ᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2020/6/4
     6 ᠰᠠᠷ᠎ᠠ ᠶᠢᠨ 1 ᠤ ᠡᠳᠤᠷ᠂ ᠪᠦᠬᠦ ᠤᠷᠤᠨ ᠤ ᠲᠤᠰᠬᠠᠢ ᠲᠤᠭᠤᠷᠢᠨ ᠪᠠᠶᠢᠴᠠᠭᠠᠵᠥ ︽ᠡᠷᠬᠢᠨ ᠬᠠᠷᠠᠬᠤ︾ ᠪᠠ ᠶᠠᠳᠠᠭᠤ ᠠᠴᠠ  ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠮᠵᠢ ᠶᠢ ᠰᠢᠯᠭᠠᠨ ᠪᠠᠶᠢᠴᠠᠭᠠᠵᠥ ᠴᠡᠭᠴᠡᠯᠡᠨ  ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠶᠢ ᠵᠤᠬᠢᠴᠠᠭᠤᠯᠬᠤ ᠬᠤᠷᠡᠯ ᠬᠤᠷᠡᠯᠳᠤᠪᠠ ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠡᠨ ᠤ ᠱᠦᠵᠢ ᠯᠢᠨ ᠱᠤᠤ ᠴᠦᠨ ᠬᠤᠷᠡᠯ ᠳᠤ ᠤᠷᠤᠯᠴᠠᠬᠰᠠᠠ ᠪᠦᠬᠡᠳ ᠶᠠᠷᠢᠶ᠎ᠠ ᠲᠠᠯᠪᠢᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ   ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠡᠯ ᠢ ᠡᠷᠬᠢᠯᠡᠵᠥ ᠶᠠᠷᠢᠶ᠎ᠠ ᠲᠠᠯᠪᠢᠪᠠ᠃          ᠬᠤᠰᠢᠭᠤᠨ ᠤ ᠤᠳᠤᠷᠢᠳᠤᠯᠭ᠎ᠠ ᠭᠤᠤ ᠬᠤᠸᠠᠢ ᠵᠢᠩ᠂ ᠰᠤ᠋ ᡁᠢ ᠰᠢᠶᠦ᠋ᠩ᠂ ᠼᠤᠤ ᠵᠢᠶᠦ᠋ᠨ ᠵᠢᠶᠧ᠂ ᠬᠤᠸᠠᠩ ᠵᠢᠶᠠᠨ ᠵᠢᠶᠦ᠋ᠨ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠤᠨ ᠠᠭᠤᠯᠭ᠎ᠠ ᠶᠢ ᠬᠦᠯᠢᠶᠡᠨ ᠠᠪᠴᠦ ᠦᠵᠡᠪᠡ᠃

      ᠬᠤᠷᠡᠯ ᠠᠴᠠ᠂ ᠬᠤᠶᠠᠷ ᠰᠠᠷ᠎ᠠ ᠶᠢᠨ ︽ᠵᠠᠭᠤᠨ ᠡᠳᠤᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠲᠤᠮᠳᠠ᠂  ᠡᠯ᠎ᠡ ᠭᠠᠵᠠᠷ ᠡᠯ᠎ᠡ ᠰᠠᠯᠠᠭ᠎ᠠ ᠮᠦᠴᠢᠷ

 ᠤᠨ ᠬᠢᠨ ᠲᠦᠰᠦᠯ ᠤᠨ ᠱᠠᠭᠠᠷᠳᠠᠯᠭ᠎ᠠ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠬᠰᠠᠠ ᠪᠦᠬᠡᠳ ᠢᠳᠡᠪᠬᠢ ᠠᠬᠢᠴᠠ ᠲᠠᠢ

ᠪᠤᠯᠵᠥ᠂ ᠠᠵᠢᠯ ᠤᠨ ᠠᠬᠢᠴᠠ ᠵᠢᠱᠢᠭᠰᠡᠡ ᠬᠠᠷᠠᠯᠳᠡ ᠲᠠᠢ ᠨᠡᠶᠢᠴᠡᠵᠥ ᠪᠠᠶᠢᠨ᠎ᠠ᠃ ᠬᠡᠪᠡᠴᠦ ᠡᠩ ᠤᠨ ᠦᠶ᠎ᠡ ᠶᠢᠨ ᠡᠵᠡᠮᠰᠢᠭᠰᠡᠡ ᠪᠡ ᠶᠠᠳᠠᠭᠤ ᠠᠴᠠ ᠠᠩᠬᠢᠵᠢᠷᠠᠭᠤᠯᠬᠤ

ᠪᠤᠭᠤᠮᠳᠠ ᠰᠢᠪᠳᠤᠯᠬᠤ ᠠᠵᠢᠯ ᠢ ᠨᠢᠭᠤᠴᠠ ᠪᠠᠷ ᠪᠠᠶᠢᠴᠠᠭᠠᠭᠰᠠᠠ ᠪᠠᠶᠢᠳᠠᠯ ᠠᠴᠠ ᠠᠪᠴᠦ ᠦᠵᠡᠪᠡᠯ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠰᠠ ᠪᠠᠯᠠᠢ ᠤᠷᠤᠨ

ᠤᠷᠤᠰᠢᠵᠥ᠂ ᠠᠵᠢᠯ ᠤᠨ ᠰᠤᠷᠳᠠᠯ ᠳᠤ  ᠴᠢᠩᠭ᠎ᠠ ᠪᠢᠰᠢ ᠨᠠᠷᠢᠯᠢᠭ ᠪᠢᠰᠢ ᠪᠤᠳᠠᠳᠠᠢ ᠪᠢᠰᠢ ᠵᠡᠷᠬᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠵᠥ ᠪᠠᠶᠢᠨ᠎ᠠ᠃

ᠪᠦᠬᠦ ᠤᠷᠤᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠤᠯᠠᠮ ᠴᠢᠨᠠᠬᠰᠢᠳᠠ ᠲᠡᠭᠡᠭᠰᠢᠯᠡᠬᠦᠯᠵᠥ᠂ ᠬᠠᠷᠢᠭᠤᠴᠠᠯᠭᠠᠳᠤ

ᠰᠡᠳᠬᠢᠯᠬᠡ ᠡᠬᠦᠷᠬᠡᠳᠤ ᠪᠤᠳᠤᠯ ᠲᠤᠯᠭᠠᠮ ᠰᠡᠳᠬᠢᠯᠬᠡ ᠪᠠᠨ ᠦᠨᠡᠨ ᠬᠦ ᠴᠢᠩᠭᠠᠷᠠᠭᠤᠯᠵᠥ᠂ ᠡᠷᠴᠢ ᠵᠤᠷᠢᠭ ᠢᠶᠠᠨ ᠬᠦᠪᠴᠢᠯᠡᠵᠥ᠂ ᠨᠡᠩ‌ᠦᠨᠳᠤᠷ ᠪᠠᠷᠢᠮᠵᠢᠶ᠎ᠠ᠂  ᠨᠡᠩ

ᠴᠢᠩᠭ᠎ᠠ ᠱᠠᠭᠠᠷᠳᠠᠯᠭ᠎ᠠ᠂ ᠨᠡᠩ ᠬᠦᠴᠦᠳᠠᠢ ᠡᠷᠴᠢᠮ ᠢᠶᠠᠷ ᠠᠰᠠᠭᠤᠳᠠᠯ ᠢ ᠲᠦᠢᠯᠪᠤᠷᠢᠳᠡᠢ ᠴᠡᠭᠴᠡᠯᠡᠨ‌‍ᠰᠠᠶᠢᠵᠢᠷᠠᠭᠤᠯᠬᠤ ᠠᠵᠢᠯ ᠢ ᠠᠬᠢᠭᠤᠯᠵᠥ᠂ ᠨᠠᠮ ᠪᠤᠯᠤᠨ ᠠᠷᠠᠳ

ᠲᠦᠮᠡᠨ ᠳᠤ ᠬᠢᠷᠢ ᠲᠡᠩᠴᠡᠭᠰᠡᠡ ᠬᠠᠷᠢᠭᠤᠯᠳᠠ ᠶᠢᠨ ᠬᠠᠭᠤᠳᠠᠰᠤ ᠲᠤᠰᠢᠶᠠᠬᠤ ᠬᠡᠷᠡᠭᠳᠡᠢ ᠬᠡᠵᠥ ᠴᠢᠬᠤᠯᠠᠴᠢᠯᠠᠪᠠ᠃    

     ᠬᠤᠷᠡᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠡ ᠱᠠᠭᠠᠷᠳᠠᠯᠭ᠎ᠠ ᠲᠠᠢ

ᠪᠠᠷᠢᠮᠵᠢᠶᠠᠯᠠᠨ ᠬᠠᠷᠭᠤᠭᠤᠯᠵᠥ᠂ ᠵᠦᠢᠯ ᠲᠠᠷᠠᠭᠠᠯᠠᠨ ᠵᠠᠳᠠᠯᠵᠥ ᠰᠤᠳᠤᠯᠤᠨ ᠮᠠᠭᠠᠳᠯᠠᠵᠥ᠂ ᠵᠤᠷᠪᠤᠰ ᠲᠠᠷᠠᠭᠠᠯᠠᠨ ᠬᠡᠭᠡᠭᠳᠡᠭᠰᠡᠡ ᠵᠦᠢᠯ ᠢ ᠪᠠᠶᠢᠴᠠᠭᠠᠨ ᠨᠦᠬᠦᠪᠦᠷᠢᠯᠡᠵᠥ᠂

ᠴᠠᠭ ᠤᠨ ᠵᠠᠩᠬᠢᠯᠠᠭ᠎ᠠ   ᠶᠢᠨ ᠴᠡᠭ ᠢ ᠴᠢᠩᠭ᠎ᠠ ᠡᠵᠡᠮᠰᠢᠵᠥ᠂ ᠠᠵᠢᠯ ᠤᠨ ᠡᠬᠦᠷᠬᠡ ᠶᠢ ᠬᠡᠳᠡᠷᠬᠦ ᠵᠢᠭᠰᠠᠭᠠᠵᠥ᠂ ᠲᠦᠯᠥᠪᠯᠡᠭᠡ ᠶᠤᠰᠤᠭᠠᠷ ᠲᠠᠶᠢᠯᠠᠯᠳᠤᠭᠠᠨ ᠬᠢᠵᠥ᠂

ᠨᠢᠬᠡ ᠠᠴᠠ ᠵᠦᠢᠴᠢᠯᠡᠵᠥ ᠨᠦᠬᠦᠬᠡ ᠶᠢ ᠮᠡᠳᠡᠵᠥ᠂ ᠦᠩᠬᠡᠨ ᠲᠠᠯ᠎ᠠ ᠪᠡ ᠡᠬᠢ  ᠦᠨᠳᠦᠰᠦ ᠶᠢ ᠨᠢ ᠵᠡᠷᠬᠡ ᠪᠠᠷ ᠵᠠᠰᠠᠵᠥ᠂ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ

ᠲᠤᠭᠳᠠᠭᠰᠠᠠ ᠬᠤᠭᠤᠴᠠᠭᠠᠨ ᠳᠤ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ᠃ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠦᠪᠯᠠᠷᠡᠬᠦᠯᠵᠥ᠂

ᠴᠡᠭᠴᠡᠯᠡᠨ ᠰᠠᠶᠢᠵᠢᠷᠠᠭᠤᠯᠬᠤ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ  ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠥ ᠦᠷ᠎ᠡ ᠪᠦᠳᠦᠮᠵᠢ

 ᠶᠢ ᠨᠡᠮᠡᠭᠳᠡᠬᠦᠯᠬᠦ ᠶᠢ ᠠᠬᠢᠭᠤᠯᠵᠥ᠂  ︽ᠭᠤᠷᠪᠠ ᠶᠢ ᠪᠠᠳᠤᠯᠠᠬᠤ︾ ᠪᠤᠯᠤᠨ ᠤᠰᠤ ᠤᠮᠳᠠ ᠶᠢᠨ ᠠᠮᠤᠷ ᠲᠦᠪᠰᠢᠨ ᠤ ᠲᠤᠳᠠᠭᠤᠳᠠᠯ ᠪᠠᠭᠤᠷᠠᠢ ᠵᠦᠢᠯ ᠢ  ᠪᠦᠬᠦ

ᠲᠡᠯ᠎ᠡ ᠪᠠᠷ ᠨᠦᠬᠦᠪᠦᠷᠢᠯᠡᠵᠥ᠂ ᠠᠵᠥ ᠦᠢᠯᠡᠰ ᠢᠶᠠᠷ ᠶᠠᠳᠠᠭᠤ ᠶᠢ ᠲᠡᠳᠬᠦᠬᠦ ᠪᠤᠯᠤᠨ ᠭᠠᠳᠠᠭᠰᠢ ᠭᠠᠷᠴᠦ ᠠᠵᠢᠯ ᠤᠯᠬᠤ ᠶᠢ ᠲᠤᠪᠤᠶᠢᠯᠭᠠᠨ ᠰᠠᠶᠢᠳᠤᠷ ᠠᠳᠬᠤᠵᠥ᠂

ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠪᠠᠶᠢᠭᠠᠳ ᠶᠠᠳᠠᠭᠤ ᠠᠴᠠ ᠠᠩᠬᠢᠵᠢᠷᠠᠭᠤᠯᠤᠬᠰᠠᠠ ᠦᠷ᠎ᠡ ᠪᠦᠳᠦᠬᠡᠯ ᠢ ᠪᠠᠬᠢᠵᠢᠬᠦᠯᠵᠥ᠂ ᠨᠡᠶᠢᠳᠡᠮ ᠪᠠᠶᠢᠴᠠᠭᠠᠬᠤ

ᠪᠡᠯᠡᠳᠬᠡᠯ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠦᠯᠥᠪᠵᠢᠬᠦᠯᠬᠡ ᠲᠤᠭᠳᠠᠭᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠴᠡᠭᠴᠡᠯᠡᠨ

ᠰᠠᠶᠢᠵᠢᠷᠠᠭᠤᠯᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠥ᠂ ᠤᠪᠤᠷ ᠰᠤᠷᠳᠠᠯ ᠢᠶᠠᠨ ᠦᠨᠡᠨ ᠬᠦ ᠬᠤᠪᠢᠷᠠᠭᠤᠯᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠤᠳᠠᠳᠠᠢ

ᠨᠠᠶᠢᠳᠠᠪᠤᠷᠢᠵᠢᠭᠤᠯᠵᠥ  ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠬᠤ ᠬᠡᠷᠡᠭᠳᠡᠢ ᠬᠡᠵᠥ ᠱᠠᠭᠠᠷᠳᠠᠪᠠ᠃      

   

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ