ᠨᠢᠦ ᠵᠢᠶᠦ᠋ᠨ ᠶᠡᠨ ᠲᠡᠯᠡᠳ ᠬᠤᠰᠢᠭᠤᠨ ᠳᠤ ᠬᠠᠳᠤᠨ ᠭᠤᠤᠯ ᠤᠨ ᠦᠶᠡᠷ ᠢ ᠰᠡᠷᠭᠡᠶᠢᠯᠡᠭᠦ ᠪᠡ ᠠᠮᠢ ᠠᠬᠤᠢ ᠶᠢᠨ ᠬᠠᠮᠠᠭᠠᠯᠠᠯᠳᠡ ᠶᠢᠨ ᠠᠵᠢᠯ ᠢ ᠪᠠᠶᠢᠴᠠᠭᠠᠨ ᠰᠤᠳᠤᠯᠬᠤ ᠦᠶᠡᠰ ᠴᠢᠬᠤᠯᠠᠴᠢᠯᠠᠬᠰᠡᠨ ᠨᠢ ᠦᠶᠡᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠭᠦᠪᠴᠢ ᠶᠢ ᠴᠠᠭ ᠢᠮᠠᠬᠳᠡ ᠴᠢᠩᠭᠠᠯᠠᠵᠤ ᠠᠷᠠᠳ ᠤᠯᠡᠨ ᠤ ᠠᠮᠢ ᠨᠠᠰᠤ ᠡᠳ᠋ ᠭᠦᠷᠦᠩᠭᠡ ᠶᠢᠨ ᠠᠮᠦᠷ ᠲᠦᠪᠰᠢᠨ ᠢ ᠪᠦᠭᠦ ᠭᠦᠴᠦᠨ ᠢᠶᠠᠷ ᠪᠠᠳᠤᠯᠠᠬᠤ ᠭᠡᠷᠡᠭᠳᠡᠢ
ᠨᠡᠶᠢᠲᠡᠯᠡᠭᠰᠡᠨ ᠴᠠᠭ᠄
2020/7/20
  ᠤᠢᠢᠷ᠎ᠡ ᠶᠢᠨ ᠡᠳᠦᠷ᠂ ᠬᠤᠳᠠ ᠶᠢᠨ ᠨᠠᠮ ᠤᠨ ᠬᠤᠷᠢᠶᠡᠨ ᠤ ᠱᠦᠵᠢ ᠨᠢᠦ ᠵᠢᠶᠦ᠋ᠨ ᠶᠡᠨ ᠲᠡᠯᠡᠳ ᠬᠤᠰᠢᠭᠤᠨ ᠳᠤ ᠭᠦᠨᠵᠡᠭᠡᠶᠢᠷᠡᠨ ᠬᠠᠳᠤᠨ ᠭᠤᠤᠯ ᠤᠨ ᠦᠶᠡᠷ ᠢ ᠰᠡᠷᠭᠡᠶᠢᠯᠡᠭᠦ ᠪᠡ ᠠᠮᠢ ᠠᠬᠤᠢ ᠶᠢᠨ ᠬᠠᠮᠠᠭᠠᠯᠠᠯᠳᠡ ᠶᠢᠨ ᠠᠵᠢᠯ ᠢ ᠪᠠᠶᠢᠴᠠᠭᠠᠨ ᠰᠤᠳᠤᠯᠵᠤ᠂ ᠶᠠᠷᠦᠩᠭᠡᠢ ᠱᠦᠵᠢ ᠰᠢ ᠶᠢᠨ ᠫᠢᠡᠭ ᠤᠨ ᠤᠳᠤᠬᠠᠨ ᠤ ᠦᠶᠡᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠠᠵᠢᠯ ᠳᠠᠬᠢ ᠴᠢᠬᠤᠯᠡ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ᠂ ᠪᠦᠭᠦ ᠬᠤᠳᠠ ᠶᠢᠨ ᠭᠤᠤᠯ ᠮᠦᠷᠡᠨ ᠨᠠᠭᠤᠷ ᠴᠦᠭᠦᠷᠦᠮ ᠤᠨ ᠶᠠᠷᠦᠩᠭᠡᠢ ᠲᠠᠷᠤᠭ᠎ᠠ ᠨᠠᠷ ᠤᠨ ᠬᠤᠷᠡᠯ ᠵᠢᠴᠢ ᠭᠤᠤᠯ ᠮᠦᠷᠡᠨ ᠨᠠᠭᠤᠷ ᠴᠦᠭᠦᠷᠦᠮ ᠤᠨ ᠲᠠᠷᠤᠭ᠎ᠠ ᠶᠢᠨ ᠲᠦᠷᠢᠮ ᠤᠨ ᠠᠵᠢᠯ ᠢ ᠠᠭᠢᠭᠤᠯᠬᠤ ᠬᠤᠷᠡᠯ ᠤᠨ ᠪᠠᠶᠢᠷᠢᠯᠠᠭᠤᠯᠤᠯᠳᠡ ᠱᠠᠭᠠᠷᠳᠠᠯᠭ᠎ᠠ ᠶᠢ ᠪᠦᠭᠦ ᠲᠡᠯ᠎ᠡ ᠪᠠᠷ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠭᠦᠪᠴᠢ ᠶᠢ ᠴᠠᠭ ᠢᠮᠠᠬᠳᠡ ᠴᠢᠩᠭᠠᠯᠠᠵᠤ᠂ ᠡᠯ᠎ᠡ ᠲᠦᠷᠦᠯ ᠤᠨ ᠦᠶᠡᠷ ᠢ ᠰᠠᠷᠭᠡᠶᠢᠯᠡᠭᠦ ᠠᠷᠭ᠎ᠠ ᠠᠪᠴᠡᠯ ᠢ ᠨᠢᠮᠪᠠᠢ ᠪᠤᠳᠠᠳᠠᠶᠢᠵᠢᠭᠤᠯᠵᠤ᠂ ᠠᠷᠠᠳ ᠤᠯᠡᠨ ᠤ ᠠᠮᠢ ᠨᠠᠰᠤ ᠡᠳ᠋ ᠭᠦᠷᠦᠩᠭᠡ ᠶᠢᠨ ᠠᠮᠦᠷ ᠲᠦᠪᠰᠢᠨ ᠢ ᠪᠦᠭᠦ ᠭᠦᠴᠦᠨ ᠢᠶᠠᠷ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠡᠪᠡ᠃ ᠬᠤᠳᠠ ᠶᠢᠨ ᠲᠡᠳ᠋ ᠲᠠᠷᠤᠭ᠎ᠠ ᠱᠢ ᠶᠡᠨ ᠵᠢᠶ᠋ᠸ᠂ ᠬᠤᠳᠠ ᠶᠢᠨ ᠰᠢᠭᠤᠳ ᠬᠠᠷᠢᠶ᠎ᠡ ᠬᠤᠯᠪᠤᠬᠳᠡᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠡᠨ ᠨᠦᠭᠦᠳ ᠪᠠᠶᠢᠴᠠᠭᠠᠨ ᠰᠤᠳᠤᠯᠦᠯᠳᠡ ᠳᠤ ᠤᠷᠤᠯᠴᠡᠪᠡ᠃    ᠨᠢᠦ ᠵᠢᠶᠦ᠋ᠨ ᠶᠡᠨ ᠤᠷᠢᠳ ᠬᠤᠵᠢᠳ ᠱᠠᠬᠵᠠᠮᠤᠨᠢ ᠪᠠᠯᠭᠠᠰᠤᠨ ᠤ ᠡᠯ ᠭᠦᠢ ᠭᠧ ᠳ᠋ᠠᠨ ᠦᠶᠡᠷᠯᠡᠭᠦ ᠠᠶᠤᠯ ᠲᠠᠢ ᠭᠡᠰᠡᠭ ᠤᠨ ᠪᠠᠷᠢᠯᠭ᠎ᠠ᠂ ᠸᠠᠩ ᠤᠨ ᠵᠤᠤ ᠪᠠᠯᠭᠠᠰᠤᠨ ᠤ ᠬᠤᠸᠠᠩ ᠨᠢᠦ ᠶᠢᠩ ᠦᠶᠡᠷᠯᠡᠭᠦ ᠠᠶᠤᠯ ᠲᠠᠢ ᠪᠠᠷᠢᠯᠭ᠎ᠠ ᠶᠢᠨ ᠭᠡᠰᠡᠭ ᠲᠤ ᠭᠦᠷᠴᠤ᠂ ᠦᠶᠡᠷ ᠢ ᠰᠡᠷᠭᠡᠶᠢᠯᠡᠭᠦ ᠠᠵᠢᠯ ᠳᠤ ᠲᠤᠳᠤᠷᠬᠠᠢ ᠱᠠᠭᠠᠷᠳᠠᠯᠭ᠎ᠠ ᠲᠤᠷᠡᠳᠴᠡᠢ᠃ ᠨᠢᠦ ᠵᠢᠶᠦ᠋ᠨ ᠶᠡᠨ ᠵᠢᠭᠠᠵᠤ ᠭᠠᠷᠭᠠᠬᠤ ᠳᠠᠭᠠᠨ᠂ ᠤᠳᠤᠬᠠᠨ ᠳᠤ ᠬᠠᠳᠤᠨ ᠭᠤᠤᠯ ᠤᠨ ᠦᠪᠤᠷ ᠮᠤᠩᠭᠤᠯ ᠳᠠᠬᠢ ᠭᠡᠰᠡᠭ ᠤᠨ ᠤᠰᠤᠨ ᠲᠦᠪᠰᠢᠨ ᠲᠡᠭᠡᠭᠰᠢᠯᠡᠭᠦ ᠶᠠᠪᠤᠴᠡ ᠳᠤ ᠪᠠᠶᠢᠬᠤ ᠪᠦᠭᠡᠳ ᠤᠢᠢᠷ᠎ᠡ ᠶᠢᠨ ᠬᠤᠭᠤᠴᠠᠭᠠᠨ ᠳᠤ ᠮᠠᠨ ᠤ ᠬᠤᠳᠠ ᠶᠢᠨ ᠤᠯᠠᠩᠭᠢ ᠭᠠᠵᠠᠷ ᠲᠤ ᠠᠭᠠᠳᠠᠷ ᠪᠤᠷᠤᠭᠠᠨ ᠤᠷᠤᠵᠤ᠂ ᠪᠦᠭᠦ ᠬᠤᠳᠠ ᠶᠢᠨ ᠦᠶᠡᠷ ᠢ ᠰᠡᠷᠭᠡᠶᠢᠯᠡᠭᠦ ᠪᠠᠶᠢᠳᠡᠯ ᠪᠡᠷᠭᠡ ᠬᠠᠳᠠᠭᠤᠵᠢᠯᠳᠡᠢ ᠮᠦᠷᠳᠡᠭᠡᠨ ᠪᠤᠳᠤᠯᠢᠶᠡᠨᠳᠡᠢ᠂ ᠦᠶᠡᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠲᠠᠷᠤᠭᠠᠰᠤ ᠦᠷᠭᠦᠯᠵᠢᠯᠡᠨ ᠭᠡᠴᠡᠭᠦᠳᠡᠵᠤ ᠪᠠᠶᠢᠨ᠎ᠡ᠃ ᠡᠯ᠎ᠡ ᠱᠠᠳᠤᠨ ᠤ ᠡᠯ᠎ᠡ ᠬᠤᠯᠪᠤᠬᠳᠡᠯ ᠪᠦᠭᠦᠢ ᠰᠠᠯᠠᠭ᠎ᠠ ᠮᠦᠴᠢᠷ ᠤᠨ ᠬᠢᠨ ᠶᠠᠷᠦᠩᠭᠡᠢ ᠱᠦᠵᠢ ᠰᠢ ᠶᠢᠨ ᠫᠢᠡᠭ ᠤᠨ ᠤᠳᠤᠬᠠᠨ ᠤ ᠦᠶᠡᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠡ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ᠂ ᠪᠦᠭᠦ ᠬᠤᠳᠠ ᠶᠢᠨ ᠭᠤᠤᠯ ᠮᠦᠷᠡᠨ ᠨᠠᠭᠤᠷ ᠴᠦᠭᠦᠷᠦᠮ ᠤᠨ ᠶᠠᠷᠦᠩᠭᠡᠢ ᠲᠠᠷᠤᠭ᠎ᠠ ᠨᠠᠷ ᠤᠨ ᠬᠤᠷᠡᠯ ᠵᠢᠴᠢ ᠭᠤᠤᠯ ᠮᠦᠷᠡᠨ ᠨᠠᠭᠤᠷ ᠴᠦᠭᠦᠷᠦᠮ ᠤᠨ ᠲᠠᠷᠤᠭ᠎ᠠ ᠶᠢᠨ ᠲᠦᠷᠢᠮ ᠤᠨ ᠠᠵᠢᠯ ᠢ ᠠᠭᠢᠭᠤᠯᠬᠤ ᠬᠤᠷᠡᠯ ᠤᠨ ᠪᠠᠶᠢᠷᠢᠯᠠᠭᠤᠯᠤᠯᠳᠡ ᠱᠠᠭᠠᠷᠳᠠᠯᠭ᠎ᠠ ᠶᠢ ᠪᠦᠭᠦ ᠲᠡᠯ᠎ᠡ ᠪᠠᠷ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠭᠦᠪᠴᠢ ᠶᠢ ᠴᠠᠭ ᠢᠮᠠᠬᠳᠡ ᠴᠢᠩᠭᠠᠯᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠲᠡᠯᠳᠡ ᠭᠡᠮ ᠢ ᠭᠦᠨᠵᠡᠭᠡᠢ ᠪᠠᠶᠢᠴᠠᠭᠠᠨ᠂ ᠡᠯ᠎ᠡ ᠲᠦᠷᠦᠯ ᠤᠨ ᠰᠡᠷᠭᠡᠶᠢᠯᠡᠨ ᠬᠤᠷᠢᠬᠯᠠᠬᠤ ᠠᠷᠭ᠎ᠠ ᠠᠪᠴᠡᠯ ᠢ ᠦᠨᠡᠨ ᠭᠦ ᠨᠢᠮᠪᠠᠢ ᠪᠤᠳᠠᠳᠠᠶᠢᠵᠢᠭᠤᠯᠵᠤ᠂ ᠠᠷᠠᠳ ᠤᠯᠡᠨ ᠤ ᠠᠮᠢ ᠨᠠᠰᠤ ᠡᠳ᠋ ᠭᠦᠷᠦᠩᠭᠡ ᠶᠢᠨ ᠠᠮᠦᠷ ᠲᠦᠪᠰᠢᠨ ᠢ ᠪᠦᠭᠦ ᠭᠦᠴᠦᠨ ᠢᠶᠠᠷ ᠪᠠᠳᠤᠯᠠᠬᠤ ᠭᠡᠷᠡᠭᠳᠡᠢ ᠭᠡᠵᠡᠢ᠃   ᠨᠢᠦ ᠵᠢᠶᠦ᠋ᠨ ᠶᠡᠨ ᠦᠶᠡᠷ ᠢ ᠰᠡᠷᠭᠡᠶᠢᠯᠡᠵᠤ ᠭᠠᠮᠰᠢᠭ ᠠᠴᠠ ᠠᠪᠤᠷᠠᠬᠤ ᠡᠯ᠎ᠡ ᠲᠦᠷᠦᠯ ᠤᠨ ᠪᠡᠯᠡᠳᠭᠡᠯ ᠠᠵᠢᠯ ᠢ ᠭᠢᠨᠠᠮᠠᠭᠠᠢ ᠰᠠᠶᠢᠳᠤᠷ ᠭᠢᠵᠤ᠂ ᠭᠢᠨᠡᠨ ᠭᠡᠮᠵᠢᠵᠤ ᠤᠷᠢᠳᠴᠢᠯᠡᠨ ᠰᠡᠷᠡᠮᠵᠢᠯᠡᠭᠦᠯᠭᠦ ᠪᠡ ᠰᠤᠳᠤᠯᠦᠨ ᠮᠠᠭᠠᠳᠯᠠᠬᠤ ᠶᠢ ᠴᠢᠨᠠᠬᠰᠢᠳᠡ ᠴᠢᠩᠭᠠᠳᠬᠠᠵᠤ᠂ ᠠᠪᠤᠷᠡᠨ ᠲᠤᠰᠠᠯᠠᠬᠤ ᠭᠦᠮᠦᠰ ᠪᠡ ᠡᠳ᠋ ᠪᠤᠳᠠᠰ ᠤᠨ ᠪᠡᠯᠡᠳᠭᠡᠮᠵᠢ ᠶᠢ ᠰᠠᠶᠢᠨ ᠭᠢᠵᠤ᠂ 24 ᠴᠠᠭ ᠵᠢᠵᠢᠭᠦᠷᠯᠡᠭᠦ ᠪᠡ ᠤᠳᠤᠷᠢᠳᠤᠯᠭ᠎ᠠ ᠲᠤᠯᠤᠭᠠᠢᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠮᠰᠢᠭ ᠤᠨ ᠠᠶᠤᠯ ᠲᠦᠭᠰᠢᠭᠦᠷᠢ ᠶᠢ ᠬᠠᠮᠤᠭ ᠶᠡᠭᠡ ᠭᠡᠮᠵᠢᠶ᠎ᠡ ᠪᠠᠷ ᠰᠡᠷᠭᠡᠶᠢᠯᠡᠨ ᠬᠤᠷᠢᠬᠯᠠᠬᠤ ᠭᠡᠷᠡᠭᠳᠡᠢ᠃ ᠲᠡᠯᠳᠡ ᠭᠡᠮ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠦᠴᠦᠯᠡᠴᠡ ᠶᠢ ᠨᠡᠮᠡᠭᠳᠡᠭᠦᠯᠵᠤ᠂ ᠭᠤᠤᠯᠳᠠᠯᠭ᠎ᠠ ᠲᠠᠢ ᠭᠡᠰᠡᠭ ᠤᠨ ᠬᠠᠮᠢᠶᠠᠷᠴᠤ ᠲᠤᠭᠤᠷᠢᠨ ᠪᠠᠶᠢᠴᠠᠭᠠᠬᠤ ᠶᠢ ᠡᠷᠴᠢᠮᠵᠢᠭᠦᠯᠦᠨ᠂ ᠤᠨᠴᠠᠭᠠᠢᠢᠯᠡᠨ ᠨᠤᠷᠠᠬᠤ ᠠᠶᠤᠯ ᠲᠠᠢ ᠬᠠᠭᠤᠴᠢᠨ ᠭᠡᠷ ᠪᠠᠶᠢᠰᠢᠩ ᠪᠡ ᠦᠶᠡᠷᠯᠡᠭᠦ ᠭᠡᠰᠡᠭ ᠤᠨ ᠠᠶᠤᠯ ᠲᠦᠭᠰᠢᠭᠦᠷᠢ ᠶᠢ ᠠᠷᠢᠯᠭᠠᠬᠤ ᠪᠡ ᠭᠦᠮᠦᠰ ᠢ ᠨᠡᠭᠦᠯᠭᠡᠨ ᠰᠢᠯᠵᠢᠭᠦᠯᠭᠦ ᠵᠡᠷᠭᠡ ᠠᠵᠢᠯ ᠢ ᠴᠠᠭ ᠲᠤᠬᠠᠢ ᠳᠤᠨᠢ ᠭᠢᠵᠤ᠂ ᠬᠠᠳᠤᠨ ᠭᠤᠤᠯ ᠲᠠᠭᠠᠤ ᠭᠠᠵᠠᠷ ᠤᠷᠤᠨ ᠤ ᠤᠯᠡᠨ ᠲᠦᠮᠡᠨ ᠤ ᠠᠮᠦᠷ ᠲᠦᠪᠰᠢᠨ ᠢᠶᠠᠷ ᠦᠶᠡᠷ ᠤᠨ ᠬᠤᠭᠤᠴᠠᠭ᠎ᠠ ᠶᠢ ᠲᠤᠭᠤᠯᠵᠤ᠂ ᠠᠰᠠᠭᠤᠳᠡᠯ ᠡᠭᠦᠰᠭᠦ ᠦᠭᠡᠢ ᠪᠠᠶᠢᠬᠤ ᠶᠢ ᠪᠠᠳᠤᠯᠠᠬᠤ ᠭᠡᠷᠡᠭᠳᠡᠢ᠃ ᠬᠠᠷᠢᠭᠤᠴᠠᠯᠭ᠎ᠠ ᠶᠢᠨ ᠭᠡᠯᠭᠢᠵᠢᠶᠡᠯ ᠢ ᠪᠤᠳᠠᠳᠠᠶᠢᠵᠢᠭᠤᠯᠤᠨ᠂ ᠦᠶᠡᠷ ᠢ ᠰᠡᠷᠭᠡᠶᠢᠯᠡᠭᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠤᠭᠢᠶᠡᠨ ᠪᠠᠶᠢᠭᠤᠯᠤᠯᠳᠡ ᠶᠢᠨ ᠤᠳᠤᠷᠢᠳᠤᠯᠭ᠎ᠠ ᠶᠢ ᠴᠢᠨᠠᠬᠰᠢᠳᠡ ᠡᠷᠴᠢᠮᠵᠢᠭᠦᠯᠵᠤ᠂ ᠡᠯ᠎ᠡ ᠲᠦᠷᠦᠯ ᠤᠨ ᠠᠵᠢᠯ ᠢ ᠦᠨᠡᠨ ᠭᠦ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠭᠡᠷᠡᠭᠳᠡᠢ ᠭᠡᠵᠤ ᠴᠢᠬᠤᠯᠠᠴᠢᠯᠡᠪᠡ᠃   ᠨᠢᠦ ᠵᠢᠶᠦ᠋ᠨ ᠶᠡᠨ ᠬᠠᠳᠤᠨ ᠭᠤᠤᠯ ᠲᠠᠭᠠᠤ ᠭᠠᠵᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠨ ᠴᠡᠭᠴᠡᠯᠡᠯᠳᠡ ᠪᠡ ᠭᠦᠳᠡᠭᠡ ᠲᠤᠰᠬᠤᠨ ᠢ ᠭᠦᠭᠵᠢᠭᠦᠯᠭᠦ ᠵᠡᠷᠭᠡ ᠪᠠᠶᠢᠳᠡᠯ ᠢ ᠪᠤᠳᠠᠳᠡᠢ ᠭᠠᠵᠠᠷ ᠲᠤᠨᠢ ᠪᠠᠶᠢᠴᠠᠭᠠᠨ ᠦᠵᠡᠵᠤ ᠴᠢᠬᠤᠯᠠᠴᠢᠯᠠᠬᠤ ᠳᠠᠭᠠᠨ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠬᠢᠨ ᠶᠠᠷᠦᠩᠭᠡᠢ ᠱᠦᠵᠢ ᠰᠢ ᠶᠢᠨ ᠫᠢᠡᠭ ᠤᠨ ᠬᠠᠳᠤᠨ ᠭᠤᠤᠯ ᠤᠨ ᠰᠡᠪᠡ ᠭᠠᠵᠠᠷ ᠤᠨ ᠠᠮᠢ ᠠᠬᠤᠢ ᠶᠢᠨ ᠬᠠᠮᠠᠭᠠᠯᠠᠯᠳᠡ ᠪᠡ ᠴᠢᠨᠡᠷ ᠰᠠᠶᠢᠳᠡᠢ ᠭᠦᠭᠵᠢᠯᠳᠡ ᠶᠢᠨ ᠰᠠᠭᠤᠳᠡᠯ ᠤᠨ ᠬᠤᠷᠡᠯ ᠲᠡᠭᠡᠷᠡᠭᠢ ᠴᠢᠬᠤᠯᠡ ᠶᠠᠷᠢᠶᠡᠨ ᠤ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠤᠬᠰᠤᠴᠡ ᠪᠠᠨ ᠴᠢᠨᠠᠬᠰᠢᠳᠡ ᠲᠡᠭᠡᠭᠰᠢᠯᠡᠭᠦᠯᠵᠤ᠂ ︽ᠲᠦᠷᠪᠡᠨ ᠤᠬᠠᠮᠰᠠᠷ︾ ᠢ ᠪᠠᠳᠤ ᠪᠠᠭᠢ ᠪᠤᠢ ᠪᠤᠯᠭᠠᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠡᠭᠦᠯᠵᠤ᠂ ᠡᠯ᠎ᠡ ᠲᠦᠷᠦᠯ ᠤᠨ ᠠᠵᠢᠯ ᠤᠨ ᠰᠢᠨ᠎ᠡ ᠨᠠᠩ ᠶᠡᠭᠡ ᠦᠷ ᠎ᠡ ᠪᠦᠳᠦᠮᠵᠢ ᠤᠯᠬᠤ ᠶᠢ ᠲᠠᠰᠤᠷᠡᠯᠳᠡ ᠦᠭᠡᠢ ᠠᠭᠢᠭᠤᠯᠬᠤ ᠭᠡᠷᠡᠭᠳᠡᠢ᠃ ᠬᠠᠳᠤᠨ ᠭᠤᠤᠯ ᠲᠠᠭᠠᠤ ᠭᠠᠵᠠᠷ ᠤᠷᠤᠨ ᠤ ᠠᠮᠢ ᠠᠬᠤᠢ ᠶᠢᠨ ᠬᠠᠮᠠᠭᠠᠯᠠᠯᠳᠡ ᠪᠡ ᠤᠷᠴᠢᠨ ᠲᠤᠭᠤᠷᠢᠨ ᠢ ᠵᠠᠰᠠᠨ ᠴᠡᠭᠴᠡᠯᠡᠭᠦ ᠶᠢ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠤᠳᠤᠯᠭᠢᠯᠡᠨ᠂ ᠪᠤᠭᠢᠷᠳᠦᠯ ᠦᠭᠡᠢ ᠭᠦᠭᠵᠢᠯᠳᠡ ᠪᠠᠷ ᠤᠳᠤᠷᠢᠳᠤᠮᠵᠢ ᠪᠤᠯᠭᠠᠬᠰᠡᠨ ᠴᠢᠨᠡᠷ ᠰᠠᠶᠢᠳᠡᠢ ᠭᠦᠭᠵᠢᠯᠳᠡ ᠶᠢᠨ ᠰᠢᠨ᠎ᠡ ᠵᠠᠮ ᠢᠶᠠᠷ ᠵᠠᠮᠨᠠᠬᠤ ᠭᠡᠷᠡᠭᠳᠡᠢ᠃ ᠲᠤᠬᠠᠢ ᠶᠢᠨ ᠭᠠᠵᠠᠷ ᠤᠨ ᠪᠤᠳᠠᠳᠤ ᠪᠠᠶᠢᠳᠡᠯ ᠲᠠᠢ ᠪᠠᠨ ᠤᠶᠠᠯᠳᠤᠭᠤᠯᠤᠨ᠂ ᠤᠨᠴᠠᠯᠢᠬᠳᠤ ᠠᠵᠤ ᠦᠢᠯᠡᠰ ᠤᠨ ᠭᠦᠭᠵᠢᠯᠳᠡ ᠶᠢ ᠲᠦᠷᠭᠡᠳᠭᠡᠨ ᠠᠭᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠡ ᠰᠢᠪᠳᠤᠯᠬᠤ ᠪᠡ ᠭᠦᠳᠡᠭᠡ ᠲᠤᠰᠬᠤᠨ ᠢ ᠭᠦᠭᠵᠢᠭᠦᠯᠭᠦ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠭᠢᠭᠤᠯᠵᠤ᠂ ᠬᠠᠳᠤᠨ ᠭᠤᠤᠯ ᠤᠨ ᠰᠡᠪᠡ ᠭᠠᠵᠠᠷ ᠤᠨ ᠠᠮᠢ ᠠᠬᠤᠢ ᠶᠢᠨ ᠬᠠᠮᠠᠭᠠᠯᠠᠯᠳᠡ ᠪᠡ ᠴᠢᠨᠡᠷ ᠰᠠᠶᠢᠳᠡᠢ ᠭᠦᠭᠵᠢᠯᠳᠡ ᠳᠤ ᠪᠠᠳᠤ ᠴᠢᠩᠭ᠎ᠠ ᠰᠠᠭᠤᠷᠢ ᠶᠢ ᠲᠡᠯᠪᠢᠬᠤ ᠭᠡᠷᠡᠭᠳᠡᠢ ᠭᠡᠵᠡᠢ᠃    
ᠢᠷᠡᠯᠲᠡ᠄ ᠤᠷᠳᠤᠰ ᠮᠤᠩᠭᠤᠯ ᠰᠦᠯᠵᠢᠶ᠎ᠡ