8 ᠰᠠᠷ᠎ᠠ ᠶᠢᠨ17 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠹᠧᠩ ᠮᠠᠨ ᠤ ᠬᠤᠰᠢᠭᠤᠨ ᠤ ᠭᠡᠰᠡᠭ ᠰᠤᠷᠭᠠᠭᠤᠯᠢ᠂ ᠡᠮᠨᠡᠯᠭᠡ ᠶᠢᠨ ᠬᠤᠷᠢᠶ᠎ᠡ᠂ | ᠬᠡᠷᠡᠭᠯᠡᠭᠡ ᠪᠠᠷ ᠶᠠᠳᠠᠭᠤ ᠶᠢ ᠳᠡᠳᠬᠦᠬᠦ ᠦᠢᠯᠡᠴᠢᠯᠡᠭᠡᠨ ᠤ ᠳᠦᠪ ᠲᠤ ᠬᠦᠷᠴᠦ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠤ ᠠᠵᠢᠯ ᠤᠨ ᠦᠷᠨᠢᠭᠦᠯᠦᠭᠰᠡᠨ | ᠪᠠᠶᠢᠳᠠᠯ ᠳᠤ ᠪᠠᠶᠢᠴᠠᠭᠠᠯᠳᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠱᠠᠩ ᠵᠧᠨ ᠹᠸᠢ᠂ ᠵᠠᠰᠠᠭ ᠤᠨ | ᠤᠷᠳᠤᠨ ᠤ ᠳᠡᠳ᠋ ᠬᠤᠰᠢᠭᠤ ᠳᠠᠷᠤᠭ᠎ᠠ ᠬᠤᠸᠠᠩ ᠵᠢᠶᠠᠨ ᠵᠢᠶᠦ᠋ᠨ᠂ ᠳ᠋ᠦ᠋ ᠰᠢᠶᠤᠤ ᠶᠠᠨ ᠵᠢᠴᠢ ᠬᠤᠯᠪᠤᠭᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠳ ᠬᠠᠮᠳᠤ | ᠪᠠᠷᠠᠳᠠᠪᠠ᠃ | | | | ᠸᠠᠩ ᠹᠧᠩ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠳᠤᠯᠤᠳᠤᠭᠠᠷ ᠳᠤᠮᠳᠠᠳᠤ ᠰᠤᠷᠭᠠᠭᠤᠯᠢ ᠳᠤ ᠵᠢᠠᠭᠠᠵᠦ ᠭᠠᠷᠭᠠᠬᠤ ᠳᠤ ᠪᠠᠨ᠂ ᠰᠤᠷᠭᠠᠨ | ᠬᠦᠮᠦᠵᠢᠯ ᠢ ᠠᠳᠬᠤᠬᠤ ᠨᠢ ᠳᠠᠷᠤᠢ ᠠᠷᠠᠳ ᠤᠨ ᠠᠮᠢᠳᠤᠷᠠᠯ ᠢ ᠠᠳᠬᠤᠵᠦ᠂ ᠬᠦᠭᠵᠢᠯᠳᠡ ᠶᠢ ᠠᠳᠬᠤᠵᠦ ᠪᠠᠶᠢᠭ᠎ᠠ ᠶᠠᠪᠤᠳᠠᠯ ᠪᠤᠯᠤᠨ᠎ᠠ᠂ ᠠᠷᠠᠳ ᠤᠯᠠᠨ ᠤ | ᠬᠠᠨᠤᠮᠵᠢᠳᠦ ᠰᠤᠷᠭᠠᠨ ᠬᠦᠮᠦᠵᠢᠯ ᠢ ᠡᠷᠬᠢᠯᠡᠬᠦ ᠡᠭᠦᠷᠬᠡ ᠬᠦᠨᠳᠦ ᠪᠠᠶᠢᠨ᠎ᠠ᠃ ᠬᠢᠴᠢᠶᠠᠯ ᠬᠦᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠰᠤᠷᠭᠠᠨ | ᠬᠦᠮᠦᠵᠢᠯ ᠢ ᠬᠦᠭᠵᠢᠭᠦᠯᠬᠦ ᠶᠢᠨ ᠦᠨᠳᠦᠰᠦ ᠪᠤᠯᠭᠠᠵᠦ᠂ ᠬᠢᠴᠢᠶᠠᠯ ᠬᠦᠮᠦᠵᠢᠯ ᠤᠨ ᠬᠠᠮᠢᠶᠠᠷᠤᠯᠳᠠ ᠶᠢ ᠰᠠᠶᠢᠳᠤᠷ ᠠᠳᠬᠤᠵᠦ᠂ ᠬᠢᠴᠢᠶᠡᠯ ᠬᠦᠮᠦᠵᠢᠯ ᠤᠨ ᠴᠢᠨᠠᠷ | ᠴᠢᠨᠰᠠᠭ᠎ᠠ ᠶᠢ ᠳᠠᠰᠤᠷᠠᠯᠳᠡ ᠦᠭᠡᠢ ᠳᠡᠭᠡᠭᠰᠢᠯᠡᠭᠦᠯᠦᠨ᠂ ᠠᠷᠠᠳ ᠤᠯᠠᠨ ᠳᠤ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠨ᠎ᠡ; ᠪᠠᠭᠰᠢ ᠶᠢᠨ ᠡᠩᠨᠡᠭᠡ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠦ᠂ ᠳᠤᠰᠬᠠᠢ ᠴᠢᠳᠠᠪᠤᠷᠢᠳᠠᠨ ᠢ ᠤᠷᠢᠬᠤ ᠶᠢ ᠴᠢᠬᠤᠯᠠᠴᠢᠯᠠᠨ᠂ ᠪᠠᠭᠰᠢ ᠶᠢᠨ ᠪᠤᠯᠪᠠᠰᠤᠷᠠᠯ ᠤᠨ ᠬᠦᠴᠦᠯᠡᠴᠡ ᠶᠢ ᠴᠢᠩᠭᠠᠳᠬᠠᠨ᠂ | ᠦᠨᠡᠨᠬᠦ ᠪᠠᠭᠰᠢ ᠶᠢᠨ ᠳᠤᠬᠠᠶᠢᠯᠠᠭᠰᠠᠨᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠢᠴᠢᠶᠡᠯ ᠬᠦᠮᠦᠵᠢᠯ ᠤᠨ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ; | ᠪᠠᠭᠰᠢ ᠶᠢᠨ ᠬᠦᠷᠳᠡᠭᠡᠮᠵᠢ ᠶᠢᠨ ᠪᠠᠳᠤᠯᠠᠭ᠎ᠠ ᠢ ᠴᠢᠩᠭᠠᠳᠬᠠᠨ᠂ ᠬᠢᠴᠢᠶᠡᠯ ᠬᠦᠮᠦᠵᠢᠯ ᠤᠨ ᠵᠤᠷᠢᠭᠵᠢᠭᠤᠯᠬᠤ ᠳᠤᠭᠳᠠᠴᠠ ᠶᠢ ᠤᠯᠠᠮ ᠨᠢᠭᠡ ᠠᠯᠬᠤᠮ ᠰᠢᠨᠡᠴᠢᠯᠡᠵᠦ᠂ | ᠦᠷᠭᠡᠨ ᠤᠯᠠᠨ ᠰᠤᠷᠭᠠᠨ ᠬᠦᠮᠦᠵᠢᠯ ᠤᠨ ᠠᠵᠢᠯᠳᠡᠳ ᠤᠨ ᠢᠳᠡᠪᠬᠢᠵᠢᠯ ᠪᠠ ᠪᠦᠳᠦᠭᠡᠯᠴᠢ ᠴᠢᠨᠠᠷ ᠢ ᠴᠢᠷᠮᠠᠶᠢᠨ ᠳᠠᠶᠢᠴᠢᠯᠠᠵᠦ᠂ ᠰᠤᠷᠭᠠᠨ ᠬᠦᠮᠦᠵᠢᠯ ᠤᠨ ᠠᠵᠢᠯᠳᠠᠳ | ᠨᠢᠭᠡᠪᠤᠷᠢ ᠶᠢ ᠰᠡᠳᠬᠢᠯ ᠠᠮᠤᠷ ᠠᠵᠢᠯᠯᠠᠭᠤᠯᠬᠤ ᠬᠡᠷᠡᠭᠳᠡᠢ ᠭᠡᠵᠡᠢ᠃ | | | | ᠸᠠᠩ ᠹᠧᠩ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠡ᠂ ᠬᠢᠳᠡᠳ ᠮᠤᠩᠭᠤᠯ ᠡᠮᠨᠡᠯᠭᠡ ᠶᠢᠨ ᠬᠤᠷᠢᠶ᠎ᠡ᠂ ᠬᠢᠵᠢᠭ ᠢ ᠰᠡᠷᠭᠡᠶᠢᠯᠡᠬᠦ ᠳᠦᠪ ᠲᠤ | ᠴᠢᠬᠤᠯᠠᠴᠢᠯᠠᠭᠰᠠᠨ ᠨᠢ᠂ ᠬᠠᠮᠢᠶᠠᠷᠤᠯᠳᠠ ᠶᠢ ᠴᠢᠩᠭᠠᠳᠬᠠᠨ᠂ ᠳᠤᠨᠤᠭ ᠳᠦᠬᠦᠭᠡᠷᠦᠮᠵᠢ ᠤᠨ ᠪᠦᠳᠦᠭᠡᠨ ᠪᠠᠶᠢᠭᠤᠯᠤᠯᠳᠠ ᠶᠢ ᠪᠦᠷᠢᠨᠰᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠤ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠦᠨ᠂ ᠠᠷᠠᠳ ᠤᠯᠠᠨ ᠤ ᠬᠠᠨᠤᠮᠵᠢ ᠶᠢᠨ ᠳᠦᠪᠰᠢᠨ ᠢ ᠳᠠᠭᠡᠭᠰᠢᠯᠡᠭᠦᠯᠦᠨ᠎ᠡ ; ᠰᠠᠯᠪᠤᠷᠢ ᠶᠢᠨ | ᠳᠤᠯᠤᠭᠠᠶᠢᠯᠠᠭᠴᠢ ᠪᠠ ᠳᠤᠰᠬᠠᠢ ᠮᠡᠷᠭᠡᠵᠢᠯ ᠤᠨ ᠭᠤᠤᠯᠯᠠᠭᠴᠢ ᠶᠢ ᠶᠡᠬᠡᠪᠡᠷ ᠬᠦᠮᠦᠵᠢᠭᠦᠯᠦᠨ ᠤᠷᠢᠵᠦ᠂ ᠤᠨᠴᠠᠭᠠᠶᠢᠯᠠᠨ ᠳᠡᠭᠡᠳᠦ ᠵᠡᠷᠭᠡ ᠶᠢᠨ ᠴᠢᠳᠠᠪᠤᠷᠢᠳᠡᠨ᠂ | ᠲᠤᠯᠤᠭᠠᠶᠢᠯᠠᠭᠴᠢ ᠶᠢ ᠬᠦᠮᠦᠵᠢᠬᠦᠯᠬᠦ ᠪᠠ ᠤᠷᠢᠬᠤ ᠪᠠᠷ ᠳᠠᠮᠵᠢᠨ᠂ ᠤᠬᠢ ᠰᠠᠶᠢᠨ ᠳᠠᠪᠴᠠᠩ ᠪᠠ ᠬᠦᠭᠵᠢᠯᠳᠡ ᠶᠢᠨ ᠤᠷᠴᠢᠨ ᠢ ᠬᠠᠩᠭᠠᠵᠦ᠂ ᠡᠮᠴᠢᠯᠡᠭᠡᠨ ᠤ | ᠡᠩᠨᠡᠭᠡ ᠶᠢᠨ ᠶᠡᠷᠦᠩᠬᠡᠢ ᠬᠡᠪ ᠪᠤᠯᠪᠠᠰᠤᠷᠠᠯ ᠢ ᠳᠠᠰᠤᠷᠠᠯᠳᠡ ᠦᠭᠡᠢ ᠳᠡᠭᠡᠭᠰᠢᠯᠡᠭᠦᠯᠦᠨ᠂ ᠠᠷᠠᠳ ᠲᠦᠮᠡᠨ ᠳᠤ ᠨᠡᠩ ᠴᠢᠨᠠᠷ ᠰᠠᠶᠢᠳᠡᠢ ᠡᠮᠴᠢᠯᠡᠭᠡᠨ ᠤ ᠦᠢᠯᠡᠴᠢᠯᠡᠭᠡ ᠶᠢ | ᠬᠦᠷᠳᠡᠭᠡᠨ᠎ᠡ; ᠪᠠᠴᠢᠮ ᠪᠠᠶᠢᠳᠠᠯ ᠢ ᠠᠷᠭᠠᠴᠠᠭᠠᠬᠤ ᠬᠢᠵᠢᠭ ᠢ ᠰᠡᠷᠭᠡᠶᠢᠯᠡᠬᠦ ᠡᠳ᠋ ᠪᠤᠳᠠᠰ ᠤᠨ ᠨᠦᠭᠡᠴᠡ ᠶᠢ ᠤᠯᠠᠮ ᠨᠢᠭᠡ ᠠᠯᠬᠤᠮ ᠴᠢᠩᠭᠠᠳᠬᠠᠵᠦ᠂ ᠮᠠᠨ ᠤ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠢᠵᠢᠭ ᠢ ᠰᠡᠷᠭᠡᠶᠢᠯᠡᠬᠦ ᠡᠳ᠋ ᠪᠤᠳᠠᠰ ᠬᠠᠩᠭᠠᠯᠳᠠᠳᠠᠢ᠂ ᠴᠢᠨᠠᠷ ᠴᠢᠨᠰᠠᠭ᠎ᠠ ᠨᠢ ᠠᠮᠤᠷ ᠳᠦᠪᠰᠢᠨ ᠪᠠᠶᠢᠬᠤ ᠶᠢ | ᠪᠠᠳᠤᠯᠠᠬᠤ ᠬᠡᠷᠡᠭᠳᠡᠢ ᠭᠡᠵᠡᠢ᠃ | | | | | ᠤᠷᠤᠨ ᠨᠤᠳᠤᠭ ᠤᠨ ᠨᠡᠷᠡᠳᠦ ᠳᠡᠮᠳᠡᠭᠳᠦ ᠶᠢ ᠬᠡᠷᠬᠢᠨ ᠡᠭᠦᠳᠬᠦ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ ᠶᠠᠪᠤᠴᠠ ᠳᠤ ᠬᠡᠷᠬᠢᠨᠤᠨᠤᠪᠴᠢᠳᠡᠢ ᠪᠠᠷ ᠶᠠᠳᠠᠭᠤ ᠶᠢ | ᠳᠡᠳᠬᠦᠬᠦ ᠶᠢ ᠪᠡᠶᠡᠯᠡᠭᠦᠯᠬᠦ ᠪᠤᠢ︖ ᠬᠡᠷᠡᠭᠯᠡᠭᠡ ᠪᠠᠷ ᠶᠠᠳᠠᠭᠤ ᠶᠢ ᠳᠡᠳᠬᠦᠬᠦ ᠦᠢᠯᠡᠴᠢᠯᠡᠭᠡᠨ ᠤ ᠳᠦᠪ ᠤᠨ ᠡᠷᠬᠢᠯᠳᠡ ᠶᠢᠨ ᠪᠠᠶᠢᠳᠠᠯ ᠢ ᠪᠦᠬᠦ ᠲᠠᠯ᠎ᠠ ᠪᠠᠷ | ᠤᠶᠢᠯᠠᠭᠠᠭᠰᠠᠨ ᠤ ᠳᠠᠷᠠᠭ᠎ᠠ᠂ ᠸᠠᠩ ᠹᠧᠩ ᠵᠢᠭᠠᠭᠰᠠᠨ ᠨᠢ᠂ ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ | ᠰᠢᠢᠳᠪᠤᠷᠢᠳᠦ ᠢᠯᠡᠯᠳᠡ ᠶᠢ ᠤᠯᠬᠤ ᠵᠢᠯ ᠪᠤᠯᠤᠨ᠎ᠠ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ ᠪᠤᠯ ᠨᠡᠶᠢᠬᠡᠮ ᠤᠨ ᠬᠦᠴᠦᠨ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠶᠢᠨ ᠴᠢᠬᠤᠯᠠ ᠠᠷᠭ᠎ᠠ ᠵᠠᠮ ᠪᠤᠯᠤᠨ᠎ᠠ᠂ ᠬᠡᠷᠡᠭᠯᠡᠭᠡ ᠪᠠᠷ ᠶᠠᠳᠠᠭᠤ ᠶᠢ ᠳᠡᠳᠬᠦᠬᠦ ᠶᠢ ᠦᠷᠭᠡᠨ ᠢᠶᠠᠷ ᠬᠡᠷᠡᠭᠵᠢᠭᠦᠯᠬᠦ ᠨᠢ ᠶᠠᠳᠠᠭᠤ ᠬᠦᠴᠢᠷᠳᠡᠯᠳᠡᠢ | ᠡᠷᠦᠭᠡ ᠶᠢᠨ ᠤᠷᠤᠯᠭ᠎ᠠ ᠶᠢᠨ ᠳᠤᠭᠳᠠᠭᠤᠨ ᠨᠡᠮᠡᠭᠳᠡᠯ ᠢ ᠳᠦᠯᠬᠢᠨ ᠠᠬᠢᠭᠤᠯᠬᠤ᠂ ᠶᠠᠳᠠᠭᠤ ᠶᠢ ᠳᠡᠳᠬᠦᠬᠦ ᠠᠵᠦ ᠦᠢᠯᠡᠰ ᠤᠨ ᠦᠷᠭᠦᠯᠵᠢᠯᠡᠭᠦᠶᠢᠴᠡ ᠬᠦᠭᠵᠢᠯᠳᠡ ᠳᠤ | ᠬᠦᠴᠦᠨ ᠨᠡᠮᠡᠷᠢᠯᠡᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠸᠠᠩ ᠹᠧᠩ ᠴᠢᠬᠤᠯᠠᠴᠢᠯᠠᠬᠤ ᠳᠤ ᠪᠠᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠨᠡᠷᠡᠳᠦ | ᠳᠡᠮᠳᠡᠭᠳᠦ ᠶᠢ ᠶᠡᠬᠡᠪᠡᠷ ᠦᠢᠯᠡᠳᠴᠦ᠂ ᠨᠡᠷᠡᠳᠦ ᠳᠡᠮᠳᠡᠭᠳᠦ ᠶᠢᠨ ᠵᠠᠬ᠎ᠠ ᠳᠡᠯᠭᠡᠭᠦᠷ ᠤᠨ ᠨᠦᠯᠦᠭᠡᠯᠡᠬᠦ ᠬᠦᠴᠦᠨ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ | ᠪᠤᠷᠤᠯᠠᠭᠤᠯᠭ᠎ᠠ ᠵᠢᠨᠵᠠᠮ ᠢ ᠤᠯᠠᠮ ᠨᠢᠭᠡ ᠠᠯᠬᠤᠮ ᠦᠷᠭᠡᠳᠬᠡᠵᠦ᠂ ᠵᠠᠬ᠎ᠠ ᠳᠡᠯᠭᠡᠭᠦᠷ ᠤᠨ ᠳᠠᠭᠠᠰᠢᠶᠠᠯ ᠤᠨ ᠬᠡᠮᠵᠢᠶ᠎ᠠ ᠢ ᠳᠡᠭᠡᠭᠰᠢᠯᠡᠭᠦᠯᠦᠨ᠂ ᠲᠠᠷᠢᠶᠠᠯᠠᠩ ᠤᠨ | ᠪᠦᠳᠦᠭᠡᠭᠳᠡᠭᠦᠨ ᠤ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠦᠨ᠎ᠡ; ᠬᠡᠷᠡᠭᠯᠡᠭᠡ ᠪᠠᠷ ᠶᠠᠳᠠᠭᠤ ᠶᠢ ᠳᠡᠳᠬᠦᠬᠦ ᠨᠢ ᠤᠨᠤᠪᠴᠢᠳᠠᠢ | ᠪᠠᠶᠢᠵᠦ᠂ ᠪᠦᠬᠦ ᠬᠤᠰᠢᠭᠤᠨ ᠤ ᠶᠠᠳᠠᠭᠤ ᠶᠢ ᠳᠡᠳᠬᠦᠬᠦ ᠦᠢᠯᠡᠰ ᠤᠨ ᠦᠷᠭᠦᠯᠵᠢᠯᠡᠭᠦᠶᠢᠴᠡ ᠬᠦᠭᠵᠢᠯᠳᠡ ᠳᠤ ᠠᠰᠢᠭᠳᠠᠢ ᠪᠠᠶᠢᠬᠤ ᠪᠠᠷ ᠪᠠᠷᠠᠬᠤ ᠦᠭᠡᠢ ᠶᠡᠳᠠᠭᠤ | ᠬᠦᠴᠢᠷᠳᠡᠯᠳᠡᠢ ᠡᠷᠦᠬᠡ ᠶᠢᠨ ᠬᠤᠪᠢ ᠪᠡᠶ᠎ᠡ ᠶᠢᠨ ᠴᠢᠷᠮᠠᠶᠢᠯᠭ᠎ᠠ ᠳᠤ ᠳᠦᠰᠢᠭᠯᠡᠨ ᠶᠠᠳᠠᠭᠤ ᠠᠴᠠ ᠠᠩᠭᠢᠵᠢᠷᠠᠬᠤ ᠢᠳᠡᠪᠬᠢᠵᠢᠯ ᠢ ᠬᠦᠭᠵᠢᠭᠡᠬᠦ ᠳᠤ ᠠᠰᠢᠭᠳᠠᠢ ᠪᠠᠶᠢᠵᠦ᠂ | ᠶᠡᠳᠠᠭᠤ ᠬᠦᠴᠢᠷᠳᠡᠯᠳᠡᠢ ᠡᠷᠦᠬᠡ ᠶᠢᠨ ᠤᠷᠤᠯᠭ᠎ᠠ ᠶᠢᠨ ᠨᠡᠮᠡᠭᠳᠡᠯ ᠢ ᠳᠤᠭᠳᠠᠪᠤᠷᠢᠵᠢᠭᠤᠯᠵᠦ᠂ ᠤᠨᠤᠪᠴᠢᠳᠠᠢ ᠪᠠᠷ ᠶᠠᠳᠠᠭᠤ ᠶᠢ ᠳᠡᠳᠬᠦᠬᠦ ᠶᠢ ᠪᠠᠶ᠋ᠯᠡᠭᠦᠯᠦᠨᠡ; | ᠦᠢᠯᠡᠳᠪᠤᠷᠢᠯᠡᠯ ᠪᠠ ᠪᠤᠷᠤᠯᠠᠭᠤᠯᠤᠯᠳᠠ ᠶᠢᠨ ᠵᠡᠷᠭᠡᠴᠡᠯ ᠢ ᠴᠢᠩᠭᠠᠳᠬᠠᠵᠦ᠂ ᠰᠦᠯᠵᠢᠶᠠᠨ ᠳᠡᠭᠡᠷ᠎ᠡ ᠪᠠ ᠰᠦᠯᠵᠢᠶᠠᠨᠭᠠᠳᠠᠨᠠᠬᠢ ᠪᠤᠷᠤᠯᠠᠭᠤᠯᠭ᠎ᠠ ᠶᠢᠨ ᠠᠷᠭ᠎ᠠ ᠪᠠᠷᠢᠯ | ᠪᠠᠷ ᠳᠠᠮᠵᠢᠨ᠂ ᠨᠡᠶᠢᠬᠡᠮ ᠤᠨ ᠡᠯ᠎ᠡ ᠡᠳᠡᠭᠡᠳ ᠪᠠ ᠬᠡᠷᠡᠭᠯᠡᠭᠡ ᠪᠠᠷ ᠶᠠᠳᠠᠭᠤ ᠶᠢ ᠳᠡᠳᠬᠦᠬᠦ ᠢᠳᠡᠪᠬᠢᠵᠢᠯ ᠢ ᠬᠦᠭᠵᠢᠭᠡᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠬᠤ ᠳᠤ ᠬᠦᠴᠦᠨ ᠨᠡᠮᠡᠷᠢᠯᠡᠵᠦ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠢ ᠬᠡᠷᠡᠭᠵᠢᠭᠦᠯᠬᠦ ᠳᠤ | ᠢᠳᠡᠪᠬᠢᠳᠡᠢ ᠬᠤᠪᠢ ᠨᠡᠮᠡᠷᠢ ᠦᠵᠡᠭᠦᠯᠬᠦ ᠶᠢ ᠳᠦᠯᠬᠢᠨ ᠠᠬᠢᠭᠤᠯᠬᠤ ᠬᠡᠷᠡᠭᠳᠡᠢ ᠭᠡᠵᠡᠢ᠃ | |