2020 ᠣᠨ ᠤ ᠠᠩᠬᠠᠳᠤᠭᠠᠷ ᠬᠤᠭᠤᠴᠠᠭᠠᠨ ᠤ ᠽᠠᠨᠳᠠᠨᠵᠤᠤ ᠵᠢᠨ‌ᠨᠦ᠋ᠩ ᠰᠢᠶᠠᠩ ᠢᠳᠡᠰᠢᠨ ᠨᠣᠭᠤᠭᠠᠨ ᠤ ᠪᠠᠶᠠᠷ ᠵᠢᠴᠢ ᠬᠥᠳᠡᠭᠡ ᠳᠤᠰᠬᠤᠨ ᠤ ᠰᠣᠶᠣᠯ ᠤᠷᠠᠯᠢᠭ ᠤᠨ ᠨᠠᠶᠢᠷ ᠦᠪᠡᠳᠡᠭᠰᠢ ᠶᠡᠭᠡ ᠪᠠᠷ ᠡᠬᠢᠯᠡᠪᠡ︕
ᠨᠡᠶᠢᠲᠡᠯᠡᠭᠰᠡᠨ ᠴᠠᠭ᠄
2020/9/17
     ᠤᠷᠠᠯᠢᠭ ᠬᠥᠳᠡᠯᠮᠦᠷᠢ ᠶᠢ ᠮᠠᠭᠲᠠᠨ ᠳᠠᠭᠤᠯᠠᠵᠤ᠂ ᠰᠣᠶᠣᠯ ᠲᠡᠮᠡᠴᠡᠯ ᠤᠨ ᠵᠣᠷᠢᠭ ᠢ ᠬᠥᠪᠴᠢᠯᠡᠨ᠎ᠡ᠃ 8 ᠰᠠᠷ᠎ᠠ ᠶᠢᠨ 31 ᠤ ᠡᠳᠦᠷ᠂ ᠽᠠᠨᠳᠠᠨᠵᠤᠤ ᠰᠤᠮᠤ ︽ᠡᠯᠪᠡᠭ ᠬᠤᠷᠢᠶᠠᠯᠳᠠᠳᠤ ᠳᠤᠯᠤᠭᠠᠨ ᠬᠠᠯᠵᠠᠨ᠂ ᠡᠬᠡ ᠭᠠᠵᠠᠷ ᠢ ᠪᠢᠴᠢᠭᠯᠡᠵᠦ᠂ ᠬᠡᠷᠡᠭᠯᠡᠭᠡ ᠪᠠᠷ ᠶᠠᠳᠠᠭᠤ ᠶᠢ ᠳᠡᠳᠬᠦᠵᠦ᠂ ᠲᠠᠷᠢᠶᠠᠯᠠᠩ ᠢ ᠲᠤᠰᠠᠯᠠᠨ ᠣᠷᠣᠯᠭ᠎ᠠ ᠶᠢ ᠨᠡᠮᠡᠭᠳᠡᠭᠦᠯᠬᠦ︾ — 2020 ᠤᠨ ᠤ ᠠᠩᠬᠠᠳᠤᠭᠠᠷ ᠬᠤᠭᠤᠴᠠᠭᠠᠨ ᠤ ᠽᠠᠨᠳᠠᠨᠵᠤᠤ ᠶᠢᠨ   ᠨᠦᠩ ᠰᠢᠶᠠᠩ ᠢᠳᠡᠰᠢᠨ ᠨᠣᠭᠤᠭ᠎ᠠ ᠶᠢᠨ ᠨᠠᠶᠢᠷ ᠵᠢᠴᠢ ᠬᠥᠳᠡᠭᠡ ᠲᠣᠰᠬᠤᠨ ᠤ ᠰᠣᠶᠣᠯ ᠤᠷᠠᠯᠢᠭ ᠤᠨ ᠨᠠᠶᠢᠷ ᠦᠪᠡᠳᠡᠭᠰᠢ ᠶᠡᠭᠡ ᠪᠠᠷ ᠡᠬᠢᠯᠡᠪᠡ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠬᠤᠸᠠᠩ ᠵᠢᠶᠠᠨ ᠵᠢᠶᠦ᠋ᠨ᠂ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠳ᠋ᠦ᠋ ᠶᠦᠩ ᠮᠤᠤ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠾᠧᠦ ᠵᠢᠶᠦ᠋ᠨ ᠬᠠᠶ᠂ ᠰᠣᠶᠣᠯ ᠵᠢᠭᠤᠯᠴᠢᠯᠠᠯ ᠤᠨ ᠲᠣᠪᠴᠢᠶᠠᠨ ᠤ ᠰᠣᠶᠣᠯ ᠤᠨ ᠦᠶᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠵᠠᠩ ᠶᠦᠩ ᠫᠢᠩ ᠠᠵᠢᠯᠯᠠᠭ᠎ᠠ ᠳᠤ ᠣᠷᠣᠯᠴᠠᠵᠠᠶ᠃ ᠰᠤᠮᠤᠨ ᠤ ᠨᠠᠮ ᠤᠨ ᠬᠤᠷᠢᠶᠠᠨ ᠤ ᠱᠦᠵᠢ ᠪᠠᠶ  ᠪᠦᠷᠢᠨ᠂ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠭᠤᠤ ᠶᠦᠩ ᠴᠢᠤᠸᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢ ᠶᠦᠨ ᠯᠢᠶᠠᠩ᠂ ᠨᠠᠮ ᠤᠨ ᠬᠤᠷᠢᠶᠠᠨ ᠤ ᠳᠡᠳ᠋ ᠱᠦᠵᠢ ᠵᠠᠩ ᠳ᠋ᠦᠩ ᠪᠡᠯᠡᠭᠯᠡᠬᠦ ᠠᠵᠢᠯᠯᠠᠭ᠎ᠠ ᠳᠤ ᠣᠷᠣᠯᠴᠠᠪᠠ᠃

       ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠭᠤᠤ ᠶᠦᠩ ᠴᠢᠦᠸᠠᠨ ᠡᠬᠢᠯᠡᠯᠳᠡ ᠵᠢᠨ‌‍ᠶᠠᠷᠢᠶ᠎ᠠ ᠲᠠᠯᠪᠢᠵᠦ᠂ ᠢᠳᠡᠰᠢᠨ

ᠨᠤᠭᠤᠭᠠᠨ ᠤ ᠪᠠᠶᠠᠷ ᠤᠨ ᠠᠬᠤᠢ ᠲᠠᠯᠠᠪᠡᠢ ᠳᠤ ᠬᠦᠷᠦᠯᠴᠡᠨ ᠢᠷᠡᠭᠰᠡᠨ ᠤᠳᠤᠷᠢᠳᠤᠯᠭ᠎ᠠ᠂ ᠬᠦᠨᠳᠦᠳᠦ ᠵᠤᠴᠢᠨ᠂ ᠪᠦᠬᠦ ᠨᠤᠳᠤᠭ ᠤᠨ ᠬᠦᠮᠦᠰ ᠵᠢᠴᠢ ᠡᠯ᠎ᠡ

ᠠᠵᠢᠯ ᠤᠨ ᠪᠠᠶᠢᠷᠢᠨ ᠳᠡᠭᠡᠷ᠎ᠡ ᠪᠠᠶᠢᠭ᠎ᠠ ᠠᠵᠢᠯᠳᠠᠨ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠬᠦᠨᠳᠦᠳᠬᠡᠯ ᠳᠡᠪᠰᠢᠭᠦᠯᠪᠡ︕

      ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠾᠧᠦ ᠵᠢᠶᠦ᠋ᠨ ᠬᠠᠶ ᠶᠠᠷᠢᠶ᠎ᠠ ᠲᠠᠯᠪᠢᠪᠠ᠃

      ᠳᠤᠯᠤᠭᠠᠨ ᠬᠠᠯᠵᠠᠨ ᠳᠤᠰᠬᠤᠨ ᠤ ᠨᠠᠮ ᠤᠨ ᠡᠭᠦᠷ ᠤᠨ ᠱᠦᠵᠢ᠂ ᠨᠦᠩ ᠰᠢᠶᠠᠩ ᠬᠤᠷᠰᠢᠶᠠᠵᠢᠯ ᠤᠨ ᠵᠠᠭᠤᠴᠢᠯᠠᠭᠴᠢ ᠯᠢᠦ ᠱᠢ ᠷᠦᠩ ᠳᠤᠯᠤᠭᠠᠨ

ᠳᠤᠰᠬᠤᠨ ᠤ ᠦᠨᠳᠦᠰᠦᠨ ᠪᠠᠶᠢᠳᠠᠯ ᠵᠢᠴᠢ ᠨᠦᠩ ᠰᠢᠶᠠᠩ ᠢᠳᠡᠰᠢᠨ ᠨᠤᠭᠤᠭᠠᠨ ᠤ ᠠᠵᠦ ᠦᠢᠯᠡᠰ ᠤᠨ ᠬᠦᠭᠵᠢᠯᠳᠡ ᠶᠢᠨ ᠪᠠᠶᠢᠳᠠᠯ ᠢ ᠳᠠᠨᠢᠯᠴᠠᠭᠤᠯᠪᠠ᠃

      ᠵᠦᠩ ᠬᠤᠸᠠ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠳᠦᠪ ᠤᠨ ᠬᠠᠷᠢᠭᠤᠴᠠᠯᠭᠠᠳᠠᠨ ᠵᠠᠩ ᠺᠠᠢ ᠶᠠᠷᠢᠶ᠎ᠠ ᠲᠠᠯᠪᠢᠪᠠ᠃

      ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠬᠤᠸᠠᠩ ᠵᠢᠶᠠᠨ ᠵᠢᠶᠦ᠋ᠨ ᠢᠳᠡᠰᠢᠨ ᠨᠣᠭᠤᠭ᠎ᠠ ᠶᠢᠨ ᠪᠠᠶᠠᠷ ᠵᠢᠩᠬᠢᠨᠢ ᠪᠠᠷ ᠡᠬᠢᠯᠡᠭᠰᠡᠨ ᠢ ᠵᠠᠷᠯᠠᠪᠠ︕

      ᠳᠤᠯᠤᠭᠠᠨ ᠬᠠᠯᠵᠠᠨ ᠳᠤᠰᠬᠤᠨ ᠤ ᠨᠦᠩ ᠰᠢᠶᠠᠩ ᠲᠠᠷᠢᠶᠠᠯᠠᠩ ᠤᠨ ᠳᠤᠰᠬᠠᠢ ᠬᠤᠷᠰᠢᠶᠠᠵᠢᠯ ᠨᠢ ᠱᠠᠨᠳᠦ᠋ᠩ ᠤᠨ ᠱᠦᠦ ᠭᠤᠸᠠᠩ ᠢᠳᠡᠰᠢᠨ ᠨᠤᠭᠤᠭᠠᠨ ᠤ

ᠠᠵᠦ ᠠᠬᠤᠶᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠤᠳᠠᠯᠳᠤᠨ ᠠᠪᠬᠤ ᠵᠦᠪᠳᠡᠯᠴᠡᠭᠡᠷ ᠳᠤᠭᠳᠠᠪᠠ᠃

     ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠬᠤᠸᠠᠩ ᠵᠢᠶᠠᠨ ᠵᠢᠶᠦ᠋ᠨ᠂ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠳ᠋ᠦ᠋ ᠶᠦᠩ ᠮᠤᠤ᠂ ᠰᠤᠮᠤᠨ ᠤ

ᠨᠠᠮ ᠤᠨ ᠬᠤᠷᠢᠶᠠᠨ ᠤ ᠱᠦᠵᠢ ᠪᠠᠶ ᠪᠦᠷᠢᠨ ᠤᠷᠢᠳ ᠬᠤᠵᠢᠳ ᠰᠢᠯᠢᠳᠡᠭ ᠢᠳᠡᠰᠢᠨ ᠨᠤᠭᠤᠭ᠎ᠠ ᠶᠢᠨ ᠨᠤᠲᠤᠭ ‍ᠤᠨ‌ᠮᠡᠷᠭᠡᠵᠢᠯᠲᠡᠨ᠂ ᠢᠳᠡᠰᠢᠨ ᠨᠣᠭᠤᠭ᠎ᠠ ᠶᠢᠨ

ᠵᠠᠭᠤᠴᠢᠯᠠᠭᠴᠢ᠂ ᠶᠠᠳᠠᠭᠤ ᠠᠴᠠ ᠠᠩᠭᠢᠵᠢᠷᠠᠵᠦ ᠪᠠᠶᠠᠵᠢᠭᠰᠠᠨ ᠡᠷᠦᠬᠡ᠂ ᠠᠳᠠᠯ ᠦᠶᠯᠡᠰ ᠴᠣᠭᠴᠠᠯᠠᠵᠤ ᠪᠠᠶᠠᠵᠢᠭᠰᠠᠨ ᠴᠢᠳᠠᠪᠤᠷᠢᠲᠠᠨ᠂ ᠪᠣᠯᠪᠠᠰᠤᠨ ᠬᠡᠷ ᠪᠦᠯᠢ᠂

ᠠᠷᠢᠭᠤᠨ ᠴᠡᠪᠡᠷ ᠬᠡᠷ ᠪᠦᠯᠢ᠂ ᠶᠠᠳᠠᠭᠤ ᠠᠴᠠ ᠠᠩᠭᠢᠵᠢᠷᠠᠵᠤ ᠪᠠᠶᠠᠵᠢᠭᠰᠠᠨ ᠵᠡᠷᠭᠡ 18 ᠬᠥᠮᠦᠨ ᠢ ᠬᠥᠬᠢᠭᠦᠯᠦᠨ ᠰᠠᠶᠢᠰᠢᠶᠠᠪᠠ᠃

     ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠬᠤᠸᠠᠩ ᠵᠢᠶᠠᠨ ᠵᠢᠶᠦ᠋ᠨ᠂ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠳ᠋ᠦ᠋ ᠶᠦᠩ ᠮᠤᠤ᠂ ᠠᠵᠤ

ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ ᠾᠧᠦ ᠵᠢᠶᠦ᠋ᠨ ᠬᠠᠢ᠂ ᠰᠤᠮᠤᠨ ᠤ ᠨᠠᠮ ᠤᠨ ᠬᠤᠷᠢᠶᠠᠨ ᠤ ᠱᠦᠵᠢ ᠪᠠᠶ ᠪᠦᠷᠢᠨ᠂

ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ‌‍ᠲ᠋ᠠᠷᠤᠭ᠎ᠠ ᠭᠤᠤ ᠶᠦᠩ ᠴᠢᠤᠸᠠᠨ ᠲᠠᠷᠢᠶᠠᠴᠢᠳ ᠲᠤ ᠠᠰᠢᠭ ᠬᠦᠷᠳᠡᠭᠡᠭᠰᠡᠨ ᠰᠢᠯᠢᠳᠡᠭ ᠠᠵᠤ ᠠᠬᠤᠶᠢᠯᠠᠯ ᠢ ᠤᠷᠢᠳ

ᠬᠤᠵᠢᠳ ᠬᠥᠬᠢᠭᠦᠯᠦᠨ ᠰᠠᠶᠢᠰᠢᠶᠠᠪᠠ᠃

     ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠬᠤᠸᠠᠩ ᠵᠢᠶᠠᠨ ᠵᠢᠶᠦ᠋ᠨ ᠤᠳᠬ᠎ᠠ ᠤᠷᠠᠯᠢᠭ ᠪᠠᠷ ᠬᠥᠳᠡᠭᠡ ᠪᠠᠭᠤᠭᠰᠠᠨ ᠲᠣᠪᠤᠶᠢᠮ᠎ᠠ ᠬᠤᠪᠢ ᠨᠡᠮᠡᠷᠢ

ᠦᠵᠡᠭᠦᠯᠦᠭᠰᠡᠨ ᠨᠢᠭᠡᠴᠡ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠶᠢ ᠬᠥᠬᠢᠭᠦᠯᠦᠨ ᠰᠠᠶᠢᠰᠢᠶᠠᠪᠠ᠃

     ᠬᠠᠮᠤᠭ ᠡᠴᠦᠰ ᠲᠤ᠂ 2020 ᠣᠨ ᠤ ᠠᠩᠬᠠᠳᠤᠭᠠᠷ ᠬᠤᠭᠤᠴᠠᠭᠠᠨ ᠤ ᠽᠠᠨᠳᠠᠨᠵᠤᠤ ᠶᠢᠨ ᠨᠦᠩ ᠰᠢᠶᠠᠩ ᠢᠳᠡᠰᠢᠨ ᠨᠣᠭᠤᠭᠠᠨ ᠤ ᠪᠠᠶᠠᠷ ᠵᠢᠴᠢ ᠬᠥᠳᠡᠭᠡ

ᠳᠤᠰᠬᠤᠨ ᠤ ᠰᠣᠶᠣᠯ ᠤᠷᠠᠯᠢᠭ ᠤᠨ ᠨᠠᠶᠢᠷ ᠲᠡᠭᠦᠰ ᠠᠮᠵᠢᠯᠲᠠ ᠣᠯᠤᠭᠰᠠᠨ ᠢ ᠬᠠᠯᠠᠭᠤᠨ ᠢᠶᠠᠷ ᠪᠡᠯᠭᠡᠯᠡᠶ᠎ᠡ︕ ᠪᠢᠳᠡ ᠠᠳᠡ ᠡᠯᠪᠡᠭ ᠬᠤᠷᠢᠶᠠᠯᠲᠠ ᠪᠠᠨ ᠪᠡᠯᠡᠭᠯᠡᠵᠦ᠂

ᠪᠢᠳᠡ ᠠᠳᠡ ᠠᠪᠢᠶᠠᠰ ᠴᠢᠳᠠᠪᠤᠷᠢ ᠪᠠᠨ ᠭᠠᠶᠢᠬᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠨ

ᠤᠷᠤᠭᠰᠢᠯᠠᠵᠤ᠂ ᠽᠠᠨᠳᠠᠨᠵᠤᠤ ᠶᠢᠨ ᠮᠠᠷᠭᠠᠰᠢ ᠨᠠᠩ ᠰᠠᠶᠢᠨ ᠰᠠᠶᠢᠬᠠᠨ ᠪᠤᠯᠬᠤ ᠶᠢ ᠬᠦᠰᠡᠨ ᠵᠤᠩᠨᠡᠵᠦ ᠪᠠᠶᠢᠨ᠎ᠠ᠂ ᠳᠠᠷᠠᠭ᠎ᠠ ᠵᠢᠯ ᠳᠠᠬᠢᠨ ᠠᠭᠤᠯᠵᠠᠶ᠎ᠠ︕

ᠢᠷᠡᠯᠲᠡ᠄ ᠽᠠᠨᠳᠠᠨᠵᠤᠤ ᠰᠤᠮᠤᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠠᠴᠠ ᠪᠠᠭᠤᠯᠭᠠᠪᠠ