ᠫᠦ᠋ ᠭᠧ ᠪᠥᠸᠧ ᠰᠢᠨ᠎ᠡ ᠲᠣᠰᠬᠤᠨ ᠤ ᠳᠤᠰᠬᠤᠨ ᠤ ᠠᠷᠠᠳ ᠤᠯᠤᠰ ᠤᠨ ᠪᠠᠶᠠᠷ ᠬᠦᠷᠴᠦ ᠢᠷᠡᠬᠦ ᠳᠠᠰᠢᠷᠠᠮ ᠢᠶᠠᠷ ᠡᠬᠡ ᠤᠯᠤᠰ ᠲᠤ ᠪᠠᠨ ᠭᠦᠨ ᠳᠠᠯᠠᠷᠬᠠᠯ ᠳᠡᠪᠰᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/9/30
   ᠤᠯᠤᠰ ᠤᠨ ᠪᠠᠶᠠᠷ ᠬᠦᠷᠴᠦ ᠢᠷᠡᠬᠦ ᠳᠠᠰᠢᠷᠠᠮ ᠢᠶᠠᠷ᠂ ᠡᠩᠭᠡᠪᠡᠢ ᠪᠠᠯᠭᠠᠰᠤᠨ ᠤ ᠫᠦ᠋ ᠭᠧ ᠪᠦᠸᠧ ᠰᠢᠨ᠎ᠡ ᠳᠤᠰᠬᠤᠨ ᠤ ᠰᠢᠨ᠎ᠡ ᠭᠡᠷ ᠤᠷᠤᠨ ᠳᠤ ᠪᠠᠨ ᠨᠡᠭᠦᠨ ᠤᠷᠤᠭᠰᠠᠨ ᠠᠷᠠᠳ ᠲᠤ ᠠᠪᠴᠤ ᠬᠡᠯᠡᠪᠡᠯ᠂ ᠤᠯᠤᠰ ᠤᠨ ᠪᠠᠶᠠᠷ ᠨᠢᠭᠡᠪᠦᠷᠢ ᠨᠢ ᠴᠥᠮ ᠵᠣᠪᠠᠭᠤᠷᠢ ᠵᠦᠳᠡᠭᠦᠷᠢ ᠪᠠᠨ ᠰᠠᠨᠠᠭᠠᠯᠵᠠᠵᠤ᠂ ᠠᠴᠢ ᠬᠠᠷᠢᠭᠤᠯᠠᠬᠤ ᠡᠳᠦᠷ ᠪᠣᠯᠤᠨ᠎ᠠ᠃ ᠡᠬᠡ ᠣᠷᠣᠨ ᠳᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢᠨ ᠲᠥᠯᠥᠭᠡ᠂ ᠲᠣᠰᠬᠤᠨ ᠤ ᠠᠶᠢᠯ ᠪᠣᠯᠭᠠᠨ ᠡᠭᠦᠳᠡᠨ ᠳᠡᠭᠡᠨ ᠤᠯᠤᠰ ᠤᠨ ᠲᠤᠭ ᠡᠯᠭᠦᠵᠦ᠂ ᠡᠬᠡ ᠤᠯᠤᠰ ᠳᠠᠭᠠᠨ ᠵᠥᠩᠨᠡᠯ ᠳᠡᠪᠰᠢᠭᠦᠯᠪᠡ᠃

   ᠡᠩᠬᠡᠪᠡᠢ ᠪᠠᠯᠭᠠᠰᠤᠨ ᠤ ᠫᠦ᠋ ᠭᠧ ᠪᠦᠸᠧ ᠰᠢᠨ᠎ᠡ ᠲᠣᠰᠬᠤᠨ ᠳᠤ ᠬᠦᠷᠬᠦ ᠳᠤ᠂ ᠨᠠᠯᠠᠭᠠᠷ ᠨᠠᠮᠤᠷ ᠤᠨ ᠥᠩᠭᠡ ᠢᠯᠭᠠᠷᠠᠭᠰᠠᠨ ᠬᠤᠸᠠᠷ ᠴᠡᠴᠡᠭ ᠮᠤᠳᠤᠳ ᠨᠢ

ᠬᠥᠬᠡ ᠳᠤᠭᠤᠰᠬᠠᠨ ᠸᠠᠭᠠᠷ ᠤᠨ ᠭᠡᠷ ᠶᠢ ᠨᠢ ᠴᠢᠮᠡᠭᠯᠡᠨ᠂ ᠬᠥᠨᠳᠡᠯᠡᠨ ᠭᠤᠯᠳᠤ ᠰᠣᠯᠪᠢᠴᠠᠭᠰᠠᠨ ᠬᠥᠳᠡᠭᠡ ᠲᠣᠰᠬᠤᠨ ᠤ ᠳᠤᠰᠤᠨ ᠵᠠᠮ ᠨᠢ ᠴᠡᠪᠡᠷ ᠴᠡᠮᠴᠡᠭᠡᠷ

ᠬᠠᠷᠠᠭᠳᠠᠵᠦ᠂ ᠲᠣᠰᠬᠤᠨ ᠤ ᠠᠷᠠᠳ ᠸᠠᠩ ᠢᠦᠢ ᠯᠢᠶᠠᠨ ᠤ ᠬᠢᠨ ᠮᠦᠨ ᠠᠳᠡ ᠠᠵᠦ ᠳᠦᠷᠦᠨ ᠠᠮᠢᠳᠤᠷᠠᠵᠦ ᠪᠠᠶᠢᠯ᠎ᠠ᠃ ᠡᠨᠡ ᠬᠡᠳᠦᠨ ᠵᠢᠯ᠂ ᠸᠠᠩ ᠢᠦᠶ ᠯᠢᠶᠠᠨ

ᠰᠢᠨ᠎ᠡ ᠭᠡᠷ ᠲᠤ ᠨᠡᠭᠦᠭᠰᠡᠨ ᠢᠶᠠᠷ ᠪᠠᠷᠠᠬᠤ ᠦᠭᠡᠢ᠂ 2019 ᠣᠨ ᠳᠤ  ᠪᠠᠰᠠ ᠶᠠᠳᠠᠭᠤ ᠠᠴᠠ ᠠᠩᠭᠢᠵᠢᠷᠠᠵᠤ᠂ ᠠᠮᠢᠳᠤᠷᠠᠯ ᠨᠢ ᠶᠠᠪᠤᠬᠤ ᠳᠤᠳᠤᠮ ᠰᠠᠶᠢᠵᠢᠷᠠᠪᠠ᠃

ᠤᠯᠤᠰ ᠤᠨ ᠪᠠᠶᠠᠷ ᠬᠦᠷᠴᠦ ᠢᠷᠡᠬᠦ ᠠᠴᠠ ᠡᠮᠦᠨ᠎ᠡ ᠸᠠᠩ ᠢᠦᠢ ᠯᠢᠶᠠᠨ ᠬᠥᠷᠰᠢ ᠵᠡᠷᠭᠡᠯᠡᠳᠡᠭᠡ ᠪᠠᠨ ᠳᠠᠭᠤᠳᠠᠵᠤ ᠬᠠᠪᠰᠤᠷᠤᠭᠤᠯᠤᠭᠠᠳ᠂ ᠭᠡᠷ ᠤᠨ ᠡᠭᠦᠳᠡᠨ ᠳᠡᠭᠡᠨ

ᠲᠠᠪᠤᠨ ᠣᠳᠣᠲᠤ ᠤᠯᠠᠭᠠᠨ ᠲᠤᠭ ᠡᠯᠭᠦᠪᠡ᠃ “ ᠨᠠᠮ ᠪᠣᠯᠤᠨ ᠤᠯᠤᠰ ᠤᠨ ᠰᠠᠶᠢᠨ ᠲᠦᠷᠦ ᠶᠢᠨ ᠪᠤᠳᠤᠯᠭ᠎ᠠ ᠳᠤ ᠮᠠᠰᠢ ᠲᠠᠯᠠᠷᠬᠠᠵᠤ ᠪᠠᠶᠢᠨ᠎ᠠ᠂ ᠪᠢᠳᠡᠨ ᠤ ᠣᠷᠣᠨ

ᠰᠠᠭᠤᠴᠠ ᠶᠢᠨ ᠨᠥᠬᠦᠴᠡᠯ᠂ ᠡᠮ ᠡᠮᠨᠡᠯᠭᠡ ᠶᠢᠨ ᠪᠠᠲᠤᠯᠠᠭ᠎ᠠ ᠪᠠ ᠲᠡᠵᠢᠭᠡᠨ ᠦᠷᠡᠵᠢᠭᠦᠯᠬᠦ ᠵᠡᠷᠭᠡ ᠡᠯ᠎ᠡ ᠲᠠᠯ᠎ᠠ ᠶᠢᠨ ᠳᠡᠮᠵᠢᠯᠭᠡ ᠢᠶᠠᠷ ᠪᠢᠳᠡ ᠣᠳᠣ ᠶᠢᠨ ᠵᠢᠷᠭᠠᠯᠳᠤ

ᠠᠮᠢᠳᠤᠷᠠᠯ ᠢ ᠡᠳ᠋ᠯᠡᠪᠡ᠃ ᠡᠨᠡ ᠵᠢᠯ ᠤᠨ ᠤᠯᠤᠰ ᠤᠨ ᠪᠠᠶᠠᠷ ᠪᠣᠯᠬᠤ ᠲᠠᠰᠢᠷᠠᠮ ᠳᠤ ᠪᠢ ᠲᠠᠪᠤᠨ ᠣᠳᠣᠲᠤ ᠤᠯᠠᠭᠠᠨ ᠲᠤᠭ ᠬᠤᠳᠠᠯᠳᠤᠨ ᠠᠪᠴᠤ᠂ ᠨᠠᠮ ᠪᠠ ᠤᠯᠤᠰ

ᠣᠷᠣᠨ ᠢᠶᠠᠨ ᠬᠠᠶᠢᠷᠠᠯᠠᠬᠤ ᠰᠡᠳᠬᠢᠯᠭᠡ ᠢᠶᠠᠨ ᠢᠯᠡᠳᠬᠡᠵᠦ᠂ ᠮᠠᠨ ᠤ ᠤᠯᠤᠰ ᠶᠠᠪᠤᠬᠤ ᠲᠤᠳᠤᠮ ᠬᠦᠴᠦᠷᠬᠡᠭᠵᠢᠵᠦ᠂ ᠶᠠᠪᠤᠬᠤ ᠲᠤᠳᠤᠮ ᠰᠠᠶᠢᠨ ᠰᠠᠶᠢᠬᠠᠨ ᠪᠣᠯᠬᠤ ᠶᠢ

ᠵᠦᠩᠨᠡᠶ᠎ᠡ ” ᠭᠡᠵᠦ ᠸᠠᠩ ᠢᠦᠢ ᠯᠢᠶᠠᠨ ᠶᠠᠷᠢᠵᠦ ᠪᠠᠶᠢᠯ᠎ᠠ᠃

    ᠫᠦ᠋ ᠭᠧ ᠪᠥ᠋ ᠰᠢᠨ᠎ᠡ ᠲᠣᠰᠬᠤᠨ ᠪᠣᠯ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠳᠤᠰᠬᠤᠨ ᠪᠣᠯᠤᠨ᠎ᠠ᠂

ᠨᠡᠶᠢᠲᠡ 641 ᠡᠷᠦᠬᠡ1565 ᠬᠥᠮᠦᠨ ᠢ ᠨᠡᠭᠦᠯᠭᠡᠵᠡᠶ᠂ ᠡᠭᠦᠨ ᠳᠤ ᠣᠨᠳᠣᠤ ᠭᠠᠵᠠᠷ ᠨᠡᠭᠦᠯᠭᠡᠨ ᠶᠠᠳᠠᠭᠤ ᠶᠢ ᠳᠠᠳᠬᠦᠵᠦ ᠳᠠᠩᠰᠠ ᠡᠪᠬᠡᠮᠡᠯ ᠪᠠᠶᠢᠭᠤᠯᠤᠨ

ᠺᠠᠷᠳ᠋ᠯᠠᠭᠰᠠᠨ ᠶᠠᠳᠠᠭᠤ ᠬᠦᠴᠢᠷᠳᠡᠯᠲᠡᠶ 50 ᠡᠷᠦᠬᠡ  ᠶᠢᠨ134 ᠬᠥᠮᠦᠨ ᠢ ᠨᠡᠭᠦᠯᠭᠡᠪᠡ᠃ ᠲᠣᠰᠬᠤᠨ ᠤ ᠠᠷᠠᠳ ᠨᠡᠭᠦᠭᠰᠡᠨ ᠤ ᠳᠠᠷᠠᠭ᠎ᠠ ᠠᠮᠢᠳᠤᠷᠠᠯ ᠤᠨ ᠣᠷᠴᠢᠨ

ᠨᠥᠬᠦᠴᠡᠯ ᠨᠢ ᠶᠡᠬᠡᠪᠡᠷ ᠰᠠᠶᠢᠵᠢᠷᠠᠵᠦ᠂ ᠲᠣᠰᠬᠤᠨ ᠤ ᠠᠵᠤ ᠦᠶᠯᠡᠰ ᠴᠦ ᠠᠯᠬᠤᠮ ᠠᠯᠬᠤᠮ ᠢᠶᠠᠷ ᠬᠦᠭᠵᠢᠨ ᠪᠤᠵᠠᠭᠠᠶᠢᠷᠠᠵᠠᠢ᠃ ᠰᠤᠳᠤᠯᠤᠨ ᠰᠤᠷᠤᠯᠴᠠᠬᠤ

ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠨᠢ ᠬᠠᠮᠲᠤ ᠶᠢᠨ ᠠᠵᠤ ᠠᠬᠤᠶ ᠳᠤ 15 ᠲᠦᠮᠡ

ᠭᠠᠷᠤᠶ ᠲᠥᠭᠦᠷᠢᠭ ᠤᠨ ᠤᠷᠤᠯᠭ᠎ᠠ ᠡᠭᠦᠳᠴᠦ᠂ ᠲᠠᠷᠢᠶᠠᠴᠢᠨ ᠡᠷᠦᠬᠡ ︵ᠶᠠᠳᠠᠭᠤ ᠬᠦᠴᠢᠷᠳᠡᠯᠲᠡᠶ ᠡᠷᠦᠬᠡ︶ ᠶᠢᠨ ᠠᠷᠠᠳ ᠤᠨ ᠪᠠᠭᠤᠴᠠ᠂ ᠮᠠᠯᠴᠢᠨ ᠠᠶᠢᠯ ᠤᠨ

ᠵᠤᠭᠠᠴᠠᠯ ᠤᠨ ᠭᠠᠵᠠᠷ ᠤᠨ ᠣᠷᠣᠯᠭ᠎ᠠ 10 ᠭᠠᠷᠤᠶ ᠲᠦᠮᠡᠨ ᠲᠥᠭᠦᠷᠢᠭ ᠢ ᠡᠭᠦᠳᠪᠡ᠃  ᠦᠡᠭᠭᠡ ᠢᠯᠭᠠᠷᠠᠮ᠎ᠠ ᠲᠠᠪᠤᠨ ᠣᠳᠣᠲᠤ ᠤᠯᠠᠭᠠᠨ ᠲᠤᠭ ᠤᠷᠢᠬᠠᠨ

ᠰᠠᠯᠬᠢᠨ ᠤ ᠠᠶ᠎ᠠ ᠪᠠᠷ ᠨᠠᠮᠢᠷᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠨᠢ ᠣᠨᠴᠠ ᠶᠢᠨ ᠠᠩᠬᠠᠷᠤᠯ ᠢ ᠲᠠᠲᠠᠨ᠎ᠠ᠃

ᠲᠣᠰᠬᠤᠨ ᠤ ᠠᠷᠠᠳ ᠶᠠᠩ ᠰᠧ ᠯᠢ᠄ “ ᠤᠯᠤᠰ ᠤᠨ ᠪᠠᠶᠠᠷ ᠬᠦᠷᠴᠦ ᠢᠷᠡᠯ᠎ᠡ᠂ ᠮᠠᠨ ᠤ ᠳᠤᠰᠬᠤᠨ ᠤ ᠠᠶᠢᠯ ᠪᠣᠯᠭᠠᠨ ᠴᠥᠮ ᠤᠯᠤᠰ ᠤᠨ ᠲᠤᠭ ᠡᠯᠭᠦᠵᠦ᠂

ᠨᠠᠮ ᠪᠠ ᠤᠯᠤᠰ ᠲᠤ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠡᠶ᠃ ᠮᠠᠨ ᠤ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ᠂ ᠡᠬᠡ ᠤᠷᠤᠨ ᠮᠢᠨᠢ ᠤᠯᠠᠮ ᠠᠴᠠ

ᠤᠯᠠᠮ ᠴᠡᠴᠡᠭᠯᠡᠨ ᠬᠦᠭᠵᠢᠵᠦ᠂ ᠮᠠᠨ ᠤ ᠠᠮᠢᠳᠤᠷᠠᠯ ᠤᠯᠠᠮ ᠠᠴᠠ ᠤᠯᠠᠮ ᠰᠠᠶᠢᠨ ᠰᠠᠶᠢᠬᠠᠨ ᠪᠣᠯᠬᠤ ᠶᠢ ᠵᠥᠩᠨᠡᠵᠦ ᠪᠠᠶᠢᠨ᠎ᠠ᠃ ” ᠭᠡᠪᠡ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ