ᠳᠠᠯᠠᠳ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ ᠴᠢᠬᠤᠯᠠ ᠮᠡᠳᠡᠭᠳᠡᠯ ᠨᠡᠶᠢᠳᠡᠯᠡᠪᠡ
ᠨᠡᠶᠢᠲᠡᠯᠡᠭᠰᠡᠨ ᠴᠠᠭ᠄
2021/1/22
  《ᠭᠠᠳᠠᠭᠠᠳᠤ ᠳᠠᠭᠠᠨ ᠬᠢᠯᠢ ᠪᠠᠷ ᠤᠷᠤᠵᠦ ᠢᠷᠡᠬᠦ ᠶᠢ ᠰᠡᠷᠭᠡᠶᠢᠯᠡᠵᠦ᠂ ᠳᠤᠳᠤᠭᠠᠳᠤ ᠳ᠋ᠠᠭᠠᠨ‌‍ᠲ᠋ᠠᠬᠢᠨ ᠡᠭᠦᠰᠬᠦ ᠶᠢ ᠰᠡᠷᠭᠡᠶᠢᠯᠡᠬᠦ》ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠶᠤᠯ ᠳᠦᠭᠰᠢᠭᠦᠷᠢ ᠶᠢ ᠪᠦᠳᠦᠮᠵᠢᠳᠡᠢ ᠬᠢᠵᠠᠭᠠᠷᠯᠠᠨ ᠪᠠᠭᠠᠰᠬᠠᠬᠤ ᠶᠢᠨ ᠲᠦᠯᠦᠭᠡ᠂ ᠡᠳᠦᠭᠡ ᠬᠤᠯᠪᠤᠭᠳᠠᠯ ᠪᠦᠬᠦᠢ ᠶᠠᠪᠤᠳᠠᠯ ᠤᠳ ᠢ ᠳᠤᠤᠷᠠᠬᠢ ᠮᠡᠳᠦ ᠮᠡᠳᠡᠭᠳᠡᠶ᠎ᠡ᠄      ᠨᠢᠭᠡ᠂ ᠬᠢᠯᠢ ᠪᠠᠷ ᠤᠷᠤᠵᠦ ᠢᠷᠡᠭᠰᠡᠨ ᠬᠦᠮᠦᠰ ᠬᠢᠭᠡᠳ ᠤᠯᠤᠰ ᠤᠨ ᠳᠤᠳᠤᠭᠠᠳᠤ ᠶᠢᠨ ᠬᠢᠵᠢᠭ ᠤᠨ ᠪᠠᠶᠢᠳᠠᠯ ᠤᠨ ᠳᠤᠮᠳᠠ ᠦᠨᠳᠦᠷ ᠲᠦᠭᠰᠢᠭᠦᠷᠢ ᠲᠠᠢ ᠭᠠᠵᠠᠷ ᠤᠷᠤᠨ ᠠᠴᠠ ᠢᠷᠡᠭᠰᠡᠨ ᠪᠤᠶᠤ ᠳᠠᠭᠠᠷᠢᠭᠰᠠᠨ ᠬᠦᠮᠦᠰ ᠡᠷᠬᠡᠪᠰᠢ 24 ᠴᠠᠭ ᠤᠨ ᠳᠤᠳᠤᠷ᠎ᠠ᠂ ᠬᠤᠰᠢᠭᠤᠨ ᠳᠤ ᠢᠷᠡᠭᠰᠡᠨ ᠤ ᠳᠠᠷᠠᠭ᠎ᠠ ᠴᠠᠭ ᠳᠠᠷᠤᠢ ᠳᠤᠨᠢ ᠨᠡᠶᠢᠬᠡᠮ ᠲᠤᠭᠤᠷᠢᠭ ︵ᠭᠠᠴᠠᠭ᠎ᠠ ᠳᠤᠰᠬᠤᠨ︶ ᠳᠤ ᠮᠡᠳᠡᠭᠦᠯᠬᠦ ᠶᠢᠨ ᠬᠠᠮᠳᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ ᠰᠠᠨᠠᠭᠠᠴᠢᠯᠠᠭ᠎ᠠ ᠲᠠᠢ ᠪᠠᠷ ᠶᠠᠪᠤᠵᠦ ᠰᠠᠭᠤᠭᠰᠠᠨ ᠵᠠᠮ ᠮᠦᠷ ᠢᠶᠠᠨ ᠨᠢᠭᠤᠵᠦ ᠳᠠᠯᠳᠠᠯᠠᠨ ᠮᠡᠳᠡᠭᠦᠯᠬᠦ ᠦᠭᠡᠢ ᠪᠤᠯ᠂ ᠬᠠᠮᠢᠶ᠎ᠠ ᠪᠦᠬᠦᠢ ᠬᠠᠦᠯᠢ ᠴᠠᠭᠠᠵᠠ ᠬᠠᠤᠯᠢ ᠳᠤᠭᠳᠠᠭᠠᠯ ᠢ ᠦᠨᠳᠦᠰᠦᠯᠡᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ᠂ ᠪᠦᠬᠦᠶᠢᠯᠡ ᠬᠢᠯᠢ ᠪᠠᠷ ᠤᠷᠤᠵᠦ ᠢᠷᠡᠭᠰᠡᠨ ᠬᠦᠮᠦᠰ᠂ ᠬᠢᠯᠢ ᠪᠠᠷ ᠤᠷᠤᠵᠦ ᠢᠷᠡᠭᠰᠡᠨ ᠠᠩᠬᠠᠳᠠᠭᠴᠢ ᠭᠠᠵᠠᠷ ᠲᠤ ᠲᠦᠪᠯᠡᠷᠡᠭᠦᠯᠦᠨ ᠳᠤᠰᠠᠭᠠᠷᠯᠠᠵᠦ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ‌‍ᠬᠢᠭᠰᠡᠨ ᠰᠠᠭᠤᠷᠢᠨ ᠲᠡᠭᠡᠷ᠎ᠡ᠂ ᠬᠤᠰᠢᠭᠤᠨ ᠳᠤ ᠤᠷᠤᠵᠦ ᠢᠷᠡᠭᠰᠡᠨ ᠤ ᠳᠠᠷᠠᠭ᠎ᠠ ᠪᠢᠳᠡᠭᠦᠮᠵᠢᠯᠠᠨ‌‍ᠰᠢᠯᠵᠢᠭᠦᠯᠬᠦ ᠵᠢᠨ‌ᠬᠠᠮᠳᠤ《ᠬᠠᠷᠢᠶᠠᠳᠤ ᠭᠠᠵᠠᠷ ᠲᠤ14 ᠡᠳᠦᠷ ᠲᠦᠪᠯᠡᠷᠡᠭᠦᠯᠦᠨ ᠳᠣᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ +7 ᠡᠳᠦᠷ ᠭᠡᠷ ᠲᠤᠨᠢ ᠰᠠᠭᠤᠯᠭᠠᠨ ᠳᠤᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ +3 ᠤᠳᠠᠭᠠᠨ ᠤ ᠪᠦᠭᠡᠮ ᠬᠦᠴᠢᠯ ᠤᠨ ᠰᠢᠯᠭᠠᠨ ᠪᠠᠶᠢᠭᠠᠴᠠᠯᠳᠠ ᠬᠢᠬᠦ》ᠠᠷᠭ᠎ᠠ ᠬᠡᠮᠵᠢᠶ᠎ᠡ ᠶᠢ ᠴᠢᠩᠭ᠎ᠠ ᠨᠡᠶᠢᠳᠠᠪᠤᠷᠢᠵᠢᠭᠤᠯᠤᠨ᠎ᠠ᠃      ᠭᠤᠷᠪᠠ᠂ ᠤᠯᠤᠰ ᠤᠨ ᠳᠤᠳᠤᠭᠠᠳᠤ ᠶᠢᠨ ᠬᠢᠵᠢᠭ ᠤᠨ ᠪᠠᠶᠢᠳᠠᠯ ᠤᠨ ᠦᠨᠳᠦᠷ ᠲᠦᠭᠰᠢᠭᠦᠷᠢ ᠲᠠᠢ ᠭᠠᠵᠠᠷ ᠤᠷᠤᠨ ᠠᠴᠠ ᠢᠷᠡᠭᠰᠡᠨ ᠪᠤᠶᠤ ᠳᠠᠭᠠᠷᠢᠭᠰᠠᠨ ᠬᠦᠮᠦᠰ ᠲᠤ《14 ᠡᠳᠦᠷ ᠲᠦᠪᠯᠡᠷᠡᠭᠦᠯᠦᠨ‌‍ᠲ᠋ᠤᠰᠠᠭᠠᠷᠯᠠᠬᠤ +2 ᠤᠳᠠᠭᠠᠨ ᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ》ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃            ᠳᠦᠷᠪᠡ᠂ ᠤᠯᠤᠰ ᠤᠨ ᠳᠤᠳᠤᠭᠠᠳᠤ ᠶᠢᠨ ᠬᠢᠵᠢᠭ ᠤᠨ ᠪᠠᠶᠢᠳᠠᠯ ᠤᠨ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠤᠷᠤᠨ ᠠᠴᠠ ᠢᠷᠡᠭᠰᠡᠨ ᠪᠤᠶᠤ ᠳᠠᠭᠠᠷᠢᠭᠰᠠᠨ ᠬᠦᠮᠦᠰ ᠲᠤ《14 ᠡᠳᠦᠷ ᠭᠡᠷ ᠲᠤᠨᠢ ᠰᠠᠭᠤᠯᠭᠠᠨ ᠳᠣᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ +2 ᠤᠳᠠᠭᠠᠨ ᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ》ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃      ᠲᠠᠪᠤ᠂ ᠨᠤᠳᠤᠭ ᠤᠨ ᠡᠪᠡᠳᠴᠢᠳᠡᠨ ᠪᠤᠶᠤ ᠤᠷᠤᠨ ᠨᠤᠳᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢᠯᠡᠷᠡᠭᠰᠡᠨ ᠳᠤᠰᠬᠠᠢ ᠤᠷᠤᠨ ᠤ ᠳᠡᠰ ᠤᠨ ᠵᠠᠰᠠᠭ ᠵᠠᠬᠢᠷᠭᠠᠨ ᠤ ᠤᠷᠤᠨ ᠵᠢᠴᠢ ᠡᠭᠦᠨ ᠠᠴᠠ ᠳᠡᠭᠡᠭᠰᠢᠬᠢ ︵ᠰᠢᠭᠤᠳ ᠬᠠᠷᠢᠶ᠎ᠠ ᠬᠤᠳᠠ᠂ ᠳᠤᠰᠬᠠᠢ ᠤᠷᠤᠨ ᠤ ᠳᠡᠰ ᠤᠨ ᠬᠤᠳᠠ᠂ ᠭᠠᠵᠠᠷ ᠤᠷᠤᠨ᠂ ᠦᠪᠡᠷᠳᠡᠭᠡᠨ ᠵᠠᠰᠠᠬᠤ ᠵᠸᠦ᠂ ᠠᠶᠢᠮᠠᠭ ᠢ ᠪᠠᠭᠳᠠᠭᠠᠨ᠎ᠠ︶ ᠳᠤᠤᠷ᠎ᠠ ᠳᠦᠭᠰᠢᠭᠦᠷᠢ ᠲᠠᠢ ᠭᠠᠵᠠᠷ ᠤᠷᠤᠨ ᠠᠴᠠ ᠢᠷᠡᠭᠰᠡᠨ ︵ᠪᠤᠴᠠᠭᠰᠠᠨ︶ ᠬᠦᠮᠦᠰ ᠡᠷᠬᠡᠪᠰᠢ 3 ᠡᠳᠦᠷ ᠤᠨ ᠳᠤᠳᠤᠷᠠᠬᠢ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷᠳᠠᠢ ᠭᠡᠷᠡᠴᠢ ᠪᠠᠨ ᠳᠤᠰᠢᠶᠠᠬᠤ ᠶᠢᠨ ᠬᠠᠮᠳᠤ ᠨᠡᠶᠢᠬᠡᠮ ᠳᠤᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠳᠠ ᠶᠢ ᠳᠠᠭᠠᠵᠦ᠂ ᠬᠡᠷᠪᠡ 3 ᠡᠳᠦᠷ ᠤᠨ ᠳᠤᠳᠤᠷᠠᠬᠢ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠡ ᠶᠢᠨ ᠪᠢᠯᠢᠭ ᠴᠢᠨᠠᠷᠳᠠᠢ ᠭᠡᠷᠡᠴᠢ ᠪᠠᠶᠢᠬᠤ ᠦᠭᠡᠢ ᠪᠤᠯ ᠡᠷᠬᠡᠪᠰᠢ ᠭᠡᠷ ᠲᠤᠨᠢ ᠰᠠᠭᠤᠯᠠᠭᠠᠨ ᠳᠤᠰᠠᠭᠠᠷᠯᠠᠬᠤ ᠶᠢᠨ ᠬᠠᠮᠳᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ  ᠬᠢᠯᠭᠡᠵᠦ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠪᠢᠯᠢᠭ ᠴᠢᠨᠠᠷᠳᠠᠢ ᠪᠠᠶᠢᠪᠠᠯ ᠴᠢᠯᠦᠭᠡᠳᠡᠢ ᠡᠮᠬᠢ ᠵᠢᠷᠤᠮ ᠲᠠᠢ ᠪᠠᠷ ᠰᠢᠯᠵᠢᠵᠦ ᠪᠤᠯᠤᠨ᠎ᠠ᠃ ᠨᠤᠳᠤᠭ ᠤᠨ ᠡᠪᠡᠳᠴᠢᠳᠡᠨ ᠪᠤᠶᠤ ᠤᠷᠤᠨ ᠨᠤᠳᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠦᠯᠦ ᠢᠯᠡᠷᠡᠭᠰᠡᠨ ᠳᠤᠤᠷ᠎ᠠ ᠳᠦᠭᠰᠢᠭᠦᠷᠢ ᠲᠠᠢ ᠭᠠᠵᠠᠷ ᠤᠷᠤᠨ ᠠᠴᠠ ᠢᠷᠡᠭᠰᠡᠨ ︵ᠪᠤᠴᠠᠭᠰᠠᠨ︶ ᠬᠦᠮᠦᠰ ᠲᠤ ᠤᠤᠯ ᠤᠨ ᠳᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠡᠾᠧᠪᠸᠢ ᠮᠤᠵᠢ ᠶᠢᠨ ᠳᠤᠤᠷ᠎ᠠ ᠳᠦᠭᠰᠢᠭᠦᠷᠢ ᠲᠠᠢ ᠭᠠᠵᠠᠷ ᠤᠷᠤᠨ ᠳᠤ ᠵᠢᠭᠤᠯᠴᠢᠯᠠᠵᠦ ᠰᠠᠭᠤᠵᠦ ᠦᠩᠭᠡᠷᠡᠭᠰᠡᠨ ᠬᠦᠮᠦᠰ᠂ ᠴᠦᠮ《ᠮᠠᠨ ᠤ ᠤᠷᠤᠨ ᠳᠤ ᠤᠷᠤᠵᠦ ᠢᠷᠡᠭᠰᠡᠨ ᠡᠾᠧᠪᠸᠢ ᠮᠤᠵᠢ ᠳᠤ ᠵᠢᠭᠤᠯᠴᠢᠯᠠᠵᠦ ᠰᠠᠭᠤᠵᠦ ᠦᠩᠭᠡᠷᠡᠭᠰᠡᠨ ᠬᠠᠮᠢᠶ᠎ᠠ ᠪᠦᠬᠦᠢ ᠬᠦᠮᠦᠰ ᠢ ᠰᠢᠯᠭᠠᠨ ᠪᠠᠶᠢᠴᠠᠭᠠᠵᠦ ᠬᠠᠮᠢᠶᠠᠷᠤᠨ ᠡᠵᠡᠮᠳᠡᠬᠦ ᠠᠵᠢᠯ ᠢ ᠰᠠᠶᠢᠳᠤᠷ ᠬᠢᠬᠦ ᠳᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠴᠢᠮ ᠮᠡᠳᠡᠭᠳᠡᠯ》︵ᠦᠪᠦᠷ ᠰᠠᠷᠭᠡᠶᠢᠯᠡᠬᠦ ᠵᠢᠯᠤᠭᠤᠳᠬᠤ ᠴᠠᠬᠢᠯᠭᠠᠨ〔2021〕2 ᠳ᠋ᠤᠭᠠᠷ ᠳᠤᠭᠠᠳᠤ︶ ᠤᠨ ᠱᠠᠭᠠᠷᠳᠠᠯᠭ᠎ᠠ ᠶᠤᠰᠤᠭᠠᠷ ᠬᠡᠷᠡᠭᠵᠢᠭᠦᠯᠦᠨ᠎ᠡ᠃      ᠵᠢᠷᠭᠤᠭ᠎ᠠ᠂ ᠭᠡᠷ ᠲᠤᠨᠢ ᠰᠠᠭᠤᠯᠭᠠᠨ ᠳᠤᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠳᠠ ᠬᠢᠬᠦ ᠳᠤ ᠡᠷᠬᠡᠪᠰᠢ《ᠨᠢᠭᠡ ᠬᠦᠮᠦᠨ ᠢ ᠨᠢᠭᠡ ᠡᠷᠦᠬᠡ ᠳᠤ ᠳᠤᠰᠠᠭᠠᠷᠯᠠᠬᠤ》ᠱᠠᠭᠠᠷᠳᠠᠯᠭ᠎ᠠ ᠶᠤᠰᠤᠭᠠᠷ ᠬᠡᠷᠡᠭᠵᠢᠭᠦᠯᠵᠦ᠂ ᠨᠦᠬᠦᠴᠡᠯ ᠳᠤ ᠨᠡᠶᠢᠴᠡᠬᠦ ᠦᠭᠡᠢ ᠪᠤᠯ ᠴᠦᠮ ᠳᠦᠪᠯᠡᠷᠡᠭᠦᠯᠦᠨ ᠳᠤᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠳᠠ ᠬᠢᠨ᠎ᠡ᠃      ᠳᠤᠯᠤᠭ᠎ᠠ᠂ ᠴᠠᠭᠠᠨ ᠰᠠᠷ᠎ᠠ ᠨᠤᠳᠤᠭ ᠲᠠᠭᠠᠨ ᠪᠤᠴᠠᠬᠤ ᠬᠦᠮᠦᠰ ︵ᠤᠨᠴᠠᠭᠠᠶᠢᠯᠠᠨ ᠭᠠᠳᠠᠭᠠᠳᠤ ᠠᠴᠠ ᠬᠦᠢᠳᠡᠨ ᠬᠡᠯᠬᠢᠶᠡᠳᠤ ᠢᠳᠡᠭᠡᠨ ᠤᠷᠤᠭᠤᠯᠬᠤ᠂ ᠭᠠᠳᠠᠭᠠᠳᠤ ᠠᠴᠠ ᠪᠠᠷᠠᠭ᠎ᠠ ᠤᠷᠤᠭᠤᠯᠬᠤ ᠬᠤᠯᠪᠤᠭᠳᠠᠯ ᠪᠦᠬᠦᠢ ᠠᠵᠢᠯ ᠡᠷᠬᠢᠯᠠᠵᠦ ᠪᠠᠶᠢᠭ᠎ᠠ ᠨᠤᠳᠤᠭ ᠲᠠᠭᠠᠨ ᠪᠤᠴᠠᠬᠤ ᠬᠦᠮᠦᠰ᠂ ᠳᠦᠷᠢᠶᠡᠰᠦᠨ ᠮᠠᠰᠢᠨ ᠳᠡᠷᠭᠡ ᠪᠠ ᠰᠦᠯᠵᠢᠶ᠎ᠠ ᠪᠠᠷ ᠳᠠᠭᠤᠳᠠᠬᠤ ᠳᠡᠷᠭᠡᠨ ᠤ ᠵᠢᠯᠤᠭᠤᠴᠢ ᠵᠡᠷᠭᠡ︶ ᠱᠠᠭᠠᠷᠳᠠᠯᠭ᠎ᠠ ᠶᠤᠰᠤᠭᠠᠷ ᠪᠦᠭᠡᠮ ᠬᠦᠴᠢᠯ ᠤᠨ ᠰᠢᠯᠭᠠᠨ‌‍ᠪᠠᠶᠢᠴᠠᠭᠠᠯᠳᠠ‌‍ᠪᠠ ᠡᠷᠡᠭᠦᠯ ᠮᠡᠨᠳᠦ ᠶᠢᠨ ᠬᠢᠨᠡᠨ ᠪᠠᠶᠢᠴᠠᠭᠠᠯᠳᠠ ᠶᠢ ᠰᠠᠶᠢᠳᠤᠷ ᠬᠢᠬᠦ ᠬᠡᠷᠡᠭᠳᠡᠢ᠃     ᠨᠠᠢᠮᠠ᠂ ᠡᠯ᠎ᠡ ᠵᠠᠮ ᠬᠠᠷᠢᠯᠴᠠᠭᠠᠨ ᠤ ᠬᠠᠰᠢᠵᠦ ᠪᠠᠶᠢᠴᠠᠭᠠᠬᠤ ᠴᠡᠭ᠂ ᠮᠠᠰᠢᠨ ᠳᠡᠷᠭᠡᠨ ᠤ ᠦᠷᠳᠡᠭᠡ᠂ ᠭᠠᠯᠳᠤ ᠳᠡᠷᠭᠡᠨ ᠤ ᠦᠷᠳᠡᠭᠡ ᠵᠡᠷᠭᠡ ᠭᠤᠤᠯᠳᠠᠯᠠᠭ᠎ᠠ ᠲᠠᠢ ᠲᠠᠯᠠᠪᠤᠷ ᠲᠤ ᠰᠡᠷᠭᠡᠶᠢᠯᠡᠨ ᠡᠵᠡᠮᠳᠡᠬᠦ ᠬᠦᠴᠦᠯᠡᠴᠡ ᠪᠠᠨ ᠴᠢᠩᠭᠠᠳᠬᠠᠨ᠂ ᠪᠡᠭᠡᠵᠢᠩ᠂ ᠳ᠋ᠠᠯᠢᠶᠠᠨ᠂ ᠱᠧᠨ᠋ᠶᠠᠩ᠂ ᠡᠾᠢᠢᠾᠧ᠂ ᠱᠢ ᠵᠢᠶᠠ ᠵᠤᠸᠠᠩ᠂ ᠰᠢᠩ ᠲᠠᠢ ᠬᠤᠳᠠ ᠠᠴᠠ ᠬᠤᠰᠢᠭᠤᠨ ᠳᠤ ᠤᠷᠤᠵᠦ ᠢᠷᠡᠭᠰᠡᠨ ᠬᠦᠮᠦᠰ ᠤᠨ ᠠᠶᠠᠯᠠᠯ ᠤᠨ ᠺᠤᠳ᠋ ᠢ ᠪᠠᠶᠢᠴᠠᠭᠠᠨ ᠦᠵᠡᠬᠦ ᠪᠠ ᠪᠡᠶ᠎ᠡ ᠶᠢᠨ ᠬᠠᠯᠠᠭᠤᠨ ᠢ ᠬᠡᠮᠵᠢᠬᠦ ᠠᠵᠢᠯ ᠢ ᠱᠠᠭᠠᠷᠳᠠᠯᠠᠭ᠎ᠠ ᠶᠤᠰᠤᠭᠠᠷ ᠰᠠᠶᠢᠳᠤᠷ ᠬᠢᠬᠦ ᠬᠡᠷᠡᠭᠳᠡᠢ᠃      ᠶᠢᠰᠦ᠂ ᠭᠡᠷ ᠲᠤᠨᠢ ᠰᠠᠭᠤᠯᠭᠠᠨ ᠳᠤᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠳᠠ ᠬᠢᠭᠰᠡᠳ ᠬᠠᠯᠠᠭᠤᠷᠠᠬᠤ᠂ ᠬᠠᠨᠢᠶᠠᠬᠤ᠂ ᠳᠠᠮᠢᠷᠳᠠᠬᠤ᠂ ᠰᠠᠭᠤᠯᠭᠠᠬᠤ ᠵᠡᠷᠭᠡ ᠪᠠᠶᠢᠳᠠᠯ ᠢᠯᠡᠷᠡᠬᠦ ᠦᠶᠡᠰ᠂ ᠨᠡᠶᠢᠬᠡᠮ ᠳᠤᠭᠤᠷᠢᠭ ᠤᠨ ᠬᠠᠮᠢᠶᠠᠷᠤᠯᠳᠠ ᠶᠢᠨ ᠬᠦᠮᠦᠰ ᠳᠠᠷᠤᠢ ᠳᠦᠷᠭᠡᠨ ᠬᠤᠰᠢᠭᠤᠨ ᠤ ᠬᠢᠵᠢᠭ ᠢ ᠰᠡᠷᠭᠡᠶᠢᠯᠡᠬᠦ ᠳᠦᠪ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠮᠡᠳᠡᠭᠦᠯᠦᠨ᠂ ᠳᠤᠭᠳᠠᠭᠠᠯ ᠶᠤᠰᠤᠭᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠪᠠᠶᠢᠴᠠᠭᠠᠨ ᠡᠮᠴᠢᠯᠡᠭᠦᠯᠵᠦ᠂ ᠪᠢᠳᠡᠭᠦᠮᠵᠢᠯᠡᠬᠦ ᠬᠠᠮᠢᠶᠠᠷᠤᠯᠳᠠ ᠶᠢ ᠬᠡᠷᠡᠭᠵᠢᠭᠦᠯᠦᠨ᠎ᠡ᠃      ᠠᠷᠪᠠ᠂ ᠦᠷᠭᠡᠨ ᠤᠯᠠᠨ ᠲᠦᠮᠡᠨ ᠤᠯᠤᠰ ᠤᠨ ᠳᠤᠳᠤᠭᠠᠳᠤ ᠶᠢᠨ ᠬᠢᠵᠢᠭ ᠡᠭᠦᠰᠦᠭᠰᠡᠨ ᠭᠠᠵᠠᠷ ᠤᠳ ᠤᠨ ᠨᠡᠶᠢᠳᠡᠯᠡᠭᠰᠡᠨ ᠡᠪᠡᠳᠴᠢᠨ ᠤ ᠢᠯᠡᠷᠡᠯ ᠦᠭᠡᠢ  ᠪᠠᠷ ᠬᠠᠯᠳᠠᠪᠤᠷᠢᠯᠠᠭᠰᠠᠳ ᠵᠢᠴᠢ ᠳᠤᠳᠤᠯᠠᠭᠰᠠᠨ ᠡᠪᠡᠳᠴᠢᠨ ᠤ ᠵᠢᠱᠢᠭᠰᠡᠳ ᠤᠨ ᠶᠠᠪᠤᠵᠦ ᠰᠠᠭᠤᠭᠰᠠᠨ ᠵᠠᠮ ᠮᠦᠷ ᠢ ᠦᠷᠭᠦᠯᠵᠢᠯᠡᠨ ᠠᠩᠬᠠᠷᠴᠦ᠂ ᠬᠡᠷᠪᠡ ᠴᠢᠬᠤᠯᠠ ᠤᠴᠢᠷ ᠦᠭᠡᠢ ᠪᠤᠯ᠂ ᠤᠶᠢᠷ᠎ᠠ ᠶᠢᠨ ᠬᠤᠭᠤᠴᠠᠭᠠᠨ ᠳᠤ᠂ ᠳᠤᠮᠳᠠ᠂ ᠦᠨᠳᠦᠷ ᠳᠦᠭᠰᠢᠭᠦᠷᠢ ᠲᠠᠢ ᠭᠠᠵᠠᠷ ᠤᠷᠤᠨ ᠳᠤ ᠤᠴᠢᠬᠤ ᠦᠭᠡᠢ᠂ ᠬᠡᠷᠪᠡ ᠤᠨᠴᠠ ᠴᠢᠬᠤᠯᠠ ᠤᠴᠢᠷ ᠲᠠᠢ ᠠᠴᠠ ᠪᠤᠯᠤᠭᠠᠳ᠂ ᠬᠢᠯᠢ ᠶᠢᠨ ᠭᠠᠳᠠᠨ᠎ᠠ ᠪᠤᠶᠤ ᠳᠤᠮᠳᠠ ᠦᠨᠳᠦᠷ ᠳᠦᠭᠰᠢᠭᠦᠷᠢ ᠲᠠᠢ ᠭᠠᠵᠠᠷ ᠤᠷᠤᠨ ᠳᠤ ᠶᠠᠪᠤᠬᠤ ᠴᠢᠬᠤᠯᠠ ᠲᠠᠢ ᠬᠦᠮᠦᠰ ᠢ“ ᠬᠤᠤᠰᠯᠠᠯ ᠪᠠᠶᠢᠭᠤᠯᠤᠨ” ︵ᠶᠠᠪᠤᠬᠤ ᠠᠴᠠ ᠪᠠᠨ ᠡᠮᠦᠨ᠎ᠡ ᠪᠠᠶᠢᠭ᠎ᠠ ᠨᠡᠶᠢᠬᠡᠮ ᠳᠤᠭᠤᠷᠢᠭ᠂ ᠪᠠᠶᠢᠭᠤᠯᠭ᠎ᠠ ᠨᠢᠭᠡᠴᠢ ᠳᠤ ᠪᠠᠨ ᠳᠠᠩᠰᠠᠯᠠᠭᠤᠯᠬᠤ︶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠤᠪᠢ ᠬᠦᠮᠦᠨ ᠤ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠶᠢ ᠡᠷᠬᠡᠪᠰᠢ ᠰᠠᠶᠢᠳᠤᠷ ᠬᠢᠵᠦ᠂ ᠶᠠᠪᠤᠵᠦ ᠰᠠᠭᠤᠭᠰᠠᠨ ᠵᠠᠮ ᠮᠦᠷ ᠢᠶᠠᠨ ᠤᠨᠤᠪᠴᠢᠳᠡᠢ ᠳᠠᠩᠰᠠᠯᠠᠭᠤᠯᠬᠤ ᠬᠡᠷᠡᠭᠳᠡᠢ᠃      ᠠᠷᠪᠠᠨ ᠨᠢᠭᠡ᠂ ᠦᠷᠭᠡᠨ‌ᠤᠯᠠᠨ ᠠᠷᠠᠳ ᠲᠦᠮᠡᠨ ᠨᠠᠶᠢᠷ ᠴᠤᠭᠯᠠᠭᠠᠨ ᠬᠢᠵᠦ ᠬᠠᠮᠳᠤ ᠬᠤᠭᠤᠯᠠᠯᠠᠬᠤ ᠶᠢ ᠴᠢᠳᠠᠬᠤ ᠶᠢᠨ ᠳᠤᠳᠤᠷ᠎ᠠ ᠪᠠᠭᠠᠰᠬᠠᠵᠦ᠂ ᠬᠦᠮᠦᠨ ᠤᠯᠠᠨ ᠴᠤᠭᠯᠠᠷᠠᠭᠰᠠᠨ ᠤᠯᠠᠨ ᠨᠡᠶᠢᠳᠡ ᠶᠢᠨ ᠲᠠᠯᠠᠪᠤᠷ ᠲᠤ ᠬᠦᠳᠡᠯᠭᠡᠭᠡᠨ ᠬᠢᠬᠦ ᠶᠢ ᠳᠡᠪᠴᠢᠵᠦ᠂ ᠬᠡᠷᠪᠡ ᠶᠠᠪᠤᠬᠤ ᠴᠢᠬᠤᠯᠠ ᠲᠠᠢ ᠪᠤᠯ᠂ ᠡᠷᠬᠡᠪᠰᠢ ᠠᠮᠠᠪᠴᠢ ᠵᠡᠬᠦᠬᠦ ᠬᠡᠷᠡᠭᠳᠡᠢ᠃ ᠳᠤᠯᠠᠭᠠᠨ ᠤ ᠬᠡᠮᠵᠢᠭᠦᠷ᠂ ᠠᠮᠠᠪᠴᠢ ᠪᠠ ᠠᠷᠢᠭᠤᠳᠬᠠᠯ ᠤᠨ ᠪᠤᠳᠠᠰ ᠵᠡᠷᠭᠡ ᠬᠠᠮᠠᠭᠠᠯᠠᠯᠳᠠ ᠶᠢᠨ ᠪᠤᠳᠠᠰ ᠢ ᠨᠦᠭᠡᠴᠡᠯᠡᠨ᠂ ᠰᠠᠭᠤᠷᠢᠰᠢᠬᠤ ᠤᠷᠴᠢᠨ ᠲᠤᠭᠤᠷᠢᠨ ᠢᠶᠠᠨ ᠦᠷᠭᠦᠯᠵᠢ ᠰᠠᠯᠬᠢ ᠵᠢᠪᠡᠷ ᠨᠡᠪᠳᠡᠷᠡᠭᠦᠯᠦᠨ᠂ ᠳᠤᠭᠳᠠᠭᠰᠠᠨ ᠬᠤᠭᠤᠴᠠᠭ᠎ᠠ ᠲᠠᠢ ᠠᠷᠢᠭᠤᠳᠬᠠᠵᠦ᠂ ᠬᠢᠯᠢ ᠶᠢᠨ ᠭᠠᠳᠠᠨᠠᠬᠢ ᠪᠠ ᠳᠤᠮᠳᠠ ᠦᠨᠳᠦᠷ ᠳᠦᠭᠰᠢᠭᠦᠷᠢ ᠲᠠᠢ ᠤᠷᠤᠨ ᠠᠴᠠ ᠢᠷᠡᠭᠰᠡᠨ ᠳᠦᠷᠭᠡᠨ ᠭᠤᠪᠢᠭᠤᠯᠭ᠎ᠠ᠂ ᠵᠠᠬᠢᠳᠠᠯ ᠵᠡᠷᠭᠡ ᠶᠢ ᠬᠦᠯᠢᠶᠡᠨ ᠠᠪᠬᠤ ᠳᠤ ᠪᠡᠨ‌‍ᠰᠫᠢᠷᠲ ᠢᠶᠠᠷ ᠠᠷᠢᠭᠤᠳᠬᠠᠵᠦ ᠰᠢᠢᠳᠪᠤᠷᠢᠯᠡᠨ᠎ᠡ᠃ ᠬᠦᠢᠳᠡᠨ ᠬᠡᠯᠬᠢᠶᠡᠳᠤ ᠢᠳᠡᠭᠡᠨ ᠢ ᠬᠤᠳᠠᠯᠳᠤᠨ ᠠᠪᠬᠤ ᠳᠤ ᠪᠠᠨ᠂ ᠪᠣᠯᠬᠤ ᠶᠢᠨ ᠳᠤᠳᠤᠷ᠎ᠠ ᠰᠢᠭᠤᠳ ᠭᠠᠷ ᠬᠦᠷᠦᠯᠴᠡᠬᠦ ᠶᠢ ᠳᠡᠪᠴᠢᠬᠦ ᠬᠡᠷᠡᠭᠳᠡᠢ᠃      ᠦᠷᠭᠡᠨ ᠤᠯᠠᠨ ᠠᠷᠠᠳ ᠲᠦᠮᠡᠨ ᠰᠠᠨᠠᠭᠠᠴᠢᠯᠠᠭ᠎ᠠ ᠠᠴᠠ ᠪᠠᠨ ᠰᠠᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠳᠠ ᠪᠠᠨ ᠴᠢᠩᠭᠠᠳᠬᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠬᠡᠷᠡᠭᠵᠢᠭᠦᠯᠬᠦ ᠦᠭᠡᠢ ᠪᠤᠯ ᠬᠠᠦᠯᠢ ᠶᠤᠰᠤᠭᠠᠷ ᠴᠢᠩᠭ᠎ᠠ ᠰᠢᠳᠬᠡᠵᠦ᠂ ᠦᠢᠯᠡ ᠪᠠᠶᠢᠳᠠᠯ ᠨᠢ ᠬᠦᠨᠳᠦ ᠨᠤᠴᠢᠳᠡᠢ᠂ ᠶᠠᠯᠠᠳᠤ ᠠᠵᠢᠯᠯᠠᠭ᠎ᠠ ᠪᠤᠯᠤᠭᠰᠠᠨ ᠪᠠᠶᠢᠪᠠᠯ ᠬᠠᠦᠯᠢ ᠶᠤᠰᠤᠭᠠᠷ ᠪᠠᠶᠢᠴᠠᠭᠠᠨ ᠰᠢᠢᠳᠪᠤᠷᠢᠯᠡᠨ᠎ᠡ᠃                       ᠳᠠᠯᠠᠳ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ                       ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                      2021 ᠤᠨ ᠤ 1ᠰᠠᠷ᠎ᠠ ᠶᠢᠨ13 ᠤ ᠡᠳᠦᠷ
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ