2020 ᠣᠨ ᠤ 12 ᠰᠠᠷ᠎ᠠ ᠶᠢᠨ 29 ᠤ ᠡᠳᠦᠷ᠂ ᠰᠤᠷᠭᠠᠨ ᠬᠥᠮᠦᠵᠢᠯ ᠤᠨ ᠶᠠᠮᠤᠨ ︽ᠳᠤᠮᠳᠠᠳᠤ | ᠪᠠᠭ᠎ᠠᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠲᠦᠷᠢᠮ ︵ᠲᠤᠷᠰᠢᠨ ᠬᠡᠷᠡᠭᠵᠢᠭᠦᠯᠬᠦ︶︾ | ︵ᠳᠣᠷᠣᠭᠰᠢ︽ᠲᠦᠷᠢᠮ︾ ᠭᠡᠵᠦ ᠲᠣᠪᠴᠢᠯᠠᠨ᠎ᠠ︶ ᠢ ᠨᠡᠶᠢᠳᠡᠯᠡᠵᠦ᠂ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ | ᠠᠵᠢᠯ ᠢ ᠬᠠᠤᠯᠢ ᠪᠠᠷ ᠵᠠᠰᠠᠬᠤ ᠵᠠᠮ ᠳᠤ ᠤᠷᠤᠭᠤᠯᠪᠠ᠃ | ︽ᠲᠦᠷᠢᠮ︾ ᠳᠤ ᠠᠩᠬ᠎ᠠ ᠤᠳᠠᠭ᠎ᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠬᠡᠯᠪᠡᠷᠢ ᠪᠠᠷ ᠰᠤᠷᠭᠠᠨ | ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠪᠠᠷᠢᠮᠵᠢᠶ᠎ᠠ ᠶᠢᠨ ᠰᠢᠨᠵᠢ ᠴᠢᠨᠠᠷ᠂ ᠬᠡᠷᠡᠭᠯᠡᠬᠦ ᠬᠡᠪᠴᠢᠶ᠎ᠡ ᠵᠢᠴᠢ ᠬᠡᠷᠡᠭᠵᠢᠭᠦᠯᠬᠦ | ᠲᠦᠷᠢᠮ᠂ ᠵᠢᠷᠤᠮ᠂ ᠠᠷᠭ᠎ᠠ ᠬᠡᠮᠵᠢᠶ᠎ᠡ᠂ ᠱᠠᠭᠠᠷᠳᠠᠯᠭ᠎ᠠ ᠵᠡᠷᠭᠡ ᠶᠢ ᠰᠢᠰᠲ᠋ᠧᠮ ᠲᠠᠢ ᠲᠣᠭᠲᠠᠭᠠᠭᠰᠠᠨ ᠪᠥᠭᠡᠳ ᠡᠨᠡ | ᠵᠢᠯ ᠤᠨ 3 ᠰᠠᠷ᠎ᠠ ᠶᠢᠨ1 ᠤ ᠡᠳᠦᠷ ᠡᠴᠠᠡᠬᠢᠯᠡᠵᠦ ᠬᠡᠷᠡᠭᠵᠢᠭᠦᠯᠬᠦ ᠪᠠᠷ ᠪᠠᠶᠢᠨ᠎ᠠ᠃ | ᠤᠢᠢᠷ᠎ᠠ ᠶᠢᠨ ᠵᠢᠯ ᠤᠳ ᠲᠤ᠂ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠶᠠᠪᠤᠳᠠᠯ ᠠᠴᠠ ᠪᠤᠯᠵᠤ | ᠡᠭᠦᠰᠦᠭᠰᠡᠨᠨᠡᠶᠢᠭᠡᠮ ᠤᠨ ᠬᠡᠷᠡᠭ ᠤᠨ ᠲᠤᠬᠠᠢ ᠡᠯ᠎ᠡ ᠡᠲᠡᠭᠡᠳ ᠤᠨ ᠬᠢᠨ ᠪᠠᠶᠢᠨ ᠲᠠᠬᠢᠨ ᠮᠠᠷᠭᠤᠭᠠᠨ ᠪᠤᠯᠵᠤ ᠪᠠᠶᠢᠨ᠎ᠠ᠃ | ᠨᠢᠭᠡ ᠲᠠᠯ᠎ᠠ ᠪᠠᠷ᠂ ᠵᠠᠷᠢᠮ ᠰᠣᠷᠣᠭᠴᠢ ᠬᠡᠲᠦᠷᠬᠡᠶ ᠵᠠᠯᠬᠠᠭᠠᠨ ᠴᠡᠭᠡᠷᠯᠡᠭᠦᠯᠦᠭᠰᠡᠨ ᠠᠴᠠ ᠪᠣᠯᠵᠣ ᠰᠡᠳᠬᠢᠴᠡ ᠶᠢᠨ | ᠬᠢᠮᠤᠷᠠᠯ ᠲᠠᠢ ᠪᠤᠯᠵᠦ ᠪᠠᠶᠢᠬᠤ︔ ᠨᠥᠭᠦᠭᠡ ᠲᠠᠯ᠎ᠠ ᠪᠠᠷ ᠵᠠᠷᠢᠮ ᠪᠠᠭᠰᠢ ᠨᠢ ᠰᠣᠷᠣᠭᠴᠢ ᠶᠢ | ᠵᠠᠯᠬᠠᠭᠠᠨᠴᠡᠭᠡᠷᠯᠡᠭᠦᠯᠦᠭᠰᠡᠨᠡᠴᠠ ᠪᠣᠯᠵᠣ ᠬᠡᠲᠦ ᠰᠢᠳᠬᠡᠯ ᠣᠯᠵᠦ ᠪᠠᠶᠢᠬᠤ ᠲᠤᠬᠠᠢ ᠮᠠᠷᠭᠤᠭᠠᠨ ᠪᠤᠯᠵᠤ ᠪᠤᠢ᠃ | ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠬᠢᠬᠦ ᠲᠠᠯ᠎ᠠ ᠪᠠᠷ᠂ ᠪᠠᠭᠰᠢ᠂ ᠰᠤᠷᠤᠭᠴᠢ ᠪᠣᠯᠤᠨ ᠭᠡᠷ ᠤᠨ | ᠠᠬᠠᠮᠠᠳ ᠭᠤᠷᠪᠠᠨ ᠲᠠᠯ᠎ᠠ ᠪᠠᠷ ᠢᠶᠠᠨ ᠨᠢᠭᠡ ᠨᠢᠭᠡ ᠶᠢ ᠪᠠᠨ ᠰᠢᠬᠦᠮᠵᠢᠯᠡᠵᠦ ᠪᠠᠶᠢᠳᠠᠭ᠃ ᠡᠭᠦᠨ ᠢ ᠨᠢᠭᠡ ᠯᠡ | ᠦᠭᠡ ᠪᠠᠷ ᠬᠡᠯᠡᠪᠡᠯ᠂ ᠰᠤᠷᠭᠠᠨᠬᠥ᠋ᠮᠦᠵᠢᠯ ᠤᠨ ᠵᠠᠯᠬᠠᠭᠠᠨ ᠴᠡᠭᠡᠷᠯᠡᠭᠦᠯᠬᠦ ᠡᠷᠬᠡ ᠵᠢᠨᠲ᠋ᠣᠮᠢᠶᠠᠯᠠᠯ ᠪᠠ ᠵᠠᠭᠠᠭ ᠬᠢᠵᠠᠭᠠᠷ | ᠪᠠᠯᠠᠷᠬᠠᠶ ᠠᠴᠠ ᠪᠣᠯᠤᠭᠰᠠᠨ ᠶᠤᠮ᠃ | ᠤᠳᠤ᠂ ︽ᠲᠦᠷᠢᠮ︾ ᠨᠢ ᠠᠩᠬ᠎ᠠ ᠤᠳᠠᠭ᠎ᠠ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ | ᠤᠬᠠᠭᠳᠠᠬᠤᠨ ᠳᠤ ᠲᠣᠮᠢᠶᠠᠯᠠᠯ ᠬᠢᠵᠦ᠂ ᠰᠤᠷᠭᠠᠨ ᠬᠥᠮᠦᠵᠢᠯ ᠤᠨᠵᠠᠯᠬᠠᠭᠠᠨ ᠴᠡᠭᠡᠷᠯᠡᠭᠦᠯᠬᠦ ᠪᠣᠯ ︽ᠰᠤᠷᠭᠠᠭᠤᠯᠢ ᠪᠠ | ᠪᠠᠭᠰᠢ ᠨᠢ ᠰᠤᠷᠭᠠᠨ ᠬᠥᠮᠦᠵᠢᠯ ᠤᠨ ᠵᠣᠷᠢᠯᠭ᠎ᠠ ᠠᠴᠠ ᠪᠠᠨ ᠡᠭᠦᠰᠴᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ | ᠵᠥᠷᠢᠴᠡᠭᠰᠡᠨ ᠰᠣᠷᠣᠭᠴᠢ ᠶᠢ ᠬᠠᠮᠢᠶᠠᠷᠴᠤ᠂ ᠰᠤᠷᠭᠠᠨ ᠵᠢᠯᠣᠭᠤᠳᠬᠤ ᠪᠤᠶᠤ ᠲᠣᠭᠲᠠᠭᠠᠭᠰᠠᠨ ᠠᠷᠭ᠎ᠠ ᠬᠡᠯᠪᠡᠷᠢ ᠪᠠᠷ | ᠵᠠᠯᠠᠷᠠᠭᠤᠯᠤᠨ ᠵᠠᠰᠠᠵᠤ᠂ ᠰᠤᠷᠤᠭᠴᠢᠳ ᠤᠨᠡᠭᠦᠨ ᠢᠶᠠᠷ ᠴᠡᠭᠡᠷᠯᠡᠯ ᠪᠣᠯᠭᠠᠵᠤ᠂ ᠠᠯᠳᠠᠭ᠎ᠠ ᠪᠤᠷᠤᠭᠤ ᠪᠠᠨᠲ᠋ᠠᠨᠢᠵᠤ ᠵᠠᠰᠠᠨ | ᠵᠠᠯᠠᠷᠠᠭᠤᠯᠬᠤ ᠶᠢ ᠠᠬᠢᠭᠤᠯᠬᠤ ᠬᠦᠮᠦᠵᠢᠯ ᠤᠨᠠᠵᠢᠯᠯᠠᠭ᠎ᠠ ᠪᠤᠯᠤᠨ᠎ᠠ︾ ᠭᠡᠵᠦ ᠲᠣᠭᠲᠠᠭᠠᠵᠠᠶ᠃ ᠰᠤᠷᠭᠠᠨ | ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠠᠷᠭ᠎ᠠ ᠪᠣᠯ ᠰᠢᠳᠭᠡᠬᠦ ᠶᠠᠪᠤᠳᠠᠯ ᠪᠢᠰᠢ᠂ ᠬᠠᠷᠢᠨ ᠰᠤᠷᠭᠠᠨ ᠬᠥᠮᠦᠵᠢᠬᠦᠯᠬᠦ | ᠨᠢᠭᠡ ᠵᠦᠢᠯ ᠤᠨ ᠠᠷᠭ᠎ᠠ ᠮᠠᠶ᠋ᠢᠭ ᠪᠤᠯᠬᠤ ᠶᠢ ᠲᠤᠳᠤᠷᠬᠠᠢ ᠲᠤᠬᠳᠠᠭᠠᠵᠤ᠂ ᠰᠤᠷᠭᠠᠨ ᠬᠥᠮᠦᠵᠢᠯ ᠤᠨ ᠵᠠᠯᠬᠠᠭᠠᠨ | ᠴᠡᠭᠡᠷᠯᠡᠭᠦᠯᠬᠦ ᠠᠷᠭ᠎ᠠ ᠶᠢᠨ ᠬᠥᠮᠦᠨ ᠬᠥᠮᠦᠵᠢᠭᠦᠯᠬᠦ ᠰᠢᠨᠵᠢ ᠴᠢᠨᠠᠷ ᠢ ᠴᠢᠬᠤᠯᠠᠴᠢᠯᠠᠪᠠ᠂ ᠡᠨᠡ ᠪᠣᠯ ᠰᠤᠷᠭᠠᠭᠤᠯᠢ᠂ | ᠪᠠᠭᠰᠢ ᠶᠢᠨ ᠰᠤᠷᠭᠠᠨ ᠬᠥᠮᠦᠵᠢᠭᠦᠯᠬᠦ ᠡᠷᠬᠡ᠂ ᠬᠠᠮᠢᠶᠠᠷᠬᠤ ᠡᠷᠬᠡ᠂ ᠦᠨᠡᠯᠡᠬᠦ ᠡᠷᠬᠡ ᠪᠠᠨ ᠬᠡᠷᠡᠭᠵᠢᠭᠦᠯᠬᠦ ᠪᠣᠳᠠᠲᠠᠶ | ᠠᠷᠭ᠎ᠠ ᠮᠠᠶ᠋ᠢᠭ ᠪᠤᠯᠤᠨ᠎ᠠ᠃ | ᠵᠠᠯᠬᠠᠭᠠᠨ ᠴᠡᠭᠡᠷᠯᠡᠭᠦᠯᠬᠦ ᠪᠠᠷᠢᠮᠵᠢᠶ᠎ᠠ ᠶᠢᠨ ᠲᠤᠬᠠᠢ ︽ᠲᠦᠷᠢᠮ︾ ᠳᠤ ᠲᠤᠯᠤᠭᠠᠨᠵᠤᠷᠪᠤᠰ ︽ᠤᠯᠠᠭᠠᠨ ᠱᠤᠭᠤᠮ︾ | ᠲᠣᠭᠲᠠᠭᠠᠵᠤ᠂ ᠦᠢᠯᠡᠳᠦᠯᠭᠡ ᠶᠢᠨ ᠲᠤᠮᠳᠠ ᠣᠨᠴᠠ ᠵᠠᠷᠢᠮ ᠪᠠᠭᠰᠢ ᠶᠢᠨ ᠪᠡᠶ᠎ᠡ ᠮᠠᠬᠠᠪᠣᠳ ᠤᠨᠲ᠋ᠠᠯ᠎ᠠ ᠪᠠᠷ ᠬᠠᠯᠠ | ᠦᠵᠡᠭᠦᠯᠬᠦ ᠪᠠ ᠬᠡᠯᠪᠡᠷᠢ ᠶᠢ ᠨᠢ ᠥᠭᠡᠷᠡᠲᠦᠭᠦᠯᠦᠨ ᠪᠡᠶ᠎ᠡ ᠮᠠᠬᠠᠪᠣᠳ ᠤᠨ ᠲᠠᠯ᠎ᠠ ᠪᠠᠷ ᠬᠠᠯᠠ ᠦᠵᠡᠭᠦᠯᠬᠦ ᠶᠢ ᠰᠤᠷᠭᠠᠨ | ᠬᠥᠮᠦᠵᠢᠯ ᠤᠨ ᠵᠠᠯᠬᠠᠭᠠᠨᠴᠡᠭᠡᠷᠯᠡᠭᠦᠯᠦᠯ ᠪᠤᠯᠭᠠᠨ ᠶᠠᠪᠤᠭᠤᠯᠬᠤ ᠶᠢ ᠰᠡᠷᠭᠡᠶᠢᠯᠡᠭᠰᠡᠨ ᠪᠠᠶᠢᠨ᠎ᠠ᠃ | ᠡᠩ ᠲᠡᠷᠢᠭᠦᠨ ᠳᠤ ᠪᠡᠶ᠎ᠡ ᠮᠠᠬᠠᠪᠣᠳ ᠢ ᠨᠢ ᠭᠡᠮᠲᠦᠭᠡᠬᠦ ᠳᠤ᠂ ᠵᠤᠳᠤᠵᠤ ᠴᠣᠬᠢᠬᠤ᠂ ᠬᠠᠳᠬᠤᠵᠤ ᠰᠢᠪᠡᠬᠦ ᠵᠡᠷᠭᠡ | ᠠᠷᠭ᠎ᠠ ᠪᠠᠷ ᠰᠢᠭᠤᠳ ᠪᠡᠶ᠎ᠡ ᠮᠠᠬᠠᠪᠣᠳ ᠢ ᠵᠣᠪᠠᠭᠠᠬᠤ ᠪᠡᠶ᠎ᠡ ᠮᠠᠬᠠᠪᠤᠳ ᠤᠨ ᠰᠢᠳᠭᠡᠯ ᠦᠵᠡᠬᠦᠯᠬᠦ ᠶᠢ ᠪᠠᠭᠳᠠᠭᠠᠵᠠᠢ︔ | ᠳᠠᠷᠠᠭ᠎ᠠ ᠳᠤᠨᠢ᠂ ᠬᠡᠮᠵᠢᠶᠡᠨ ᠠᠴᠠ ᠬᠡᠲᠦᠷᠡᠭᠦᠯᠦᠨ ᠰᠢᠳᠭᠡᠯ ᠦᠵᠡᠬᠦᠯᠬᠦ ᠳᠤ᠂ ᠬᠡᠪ ᠤᠨ ᠬᠡᠮᠵᠢᠶᠡᠨ ᠠᠴᠠ | ᠬᠡᠲᠦᠷᠡᠬᠦᠯᠦᠨ ᠰᠢᠳᠭᠡᠬᠦ᠂ ᠳᠠᠬᠢᠨ ᠳᠠᠪᠲᠠᠨ ᠬᠠᠭᠤᠯᠵᠤ ᠪᠢᠴᠢᠬᠦᠯᠬᠦ᠂ ᠡᠪ ᠬᠠᠪᠤ ᠥᠬᠡᠶ ᠬᠥᠳᠡᠯᠭᠡᠭᠡᠨ ᠪᠤᠶᠤ | ᠳᠦᠷᠰᠦ ᠪᠠᠶᠢᠳᠠᠯ ᠢ ᠠᠯᠪᠠᠲᠠᠨᠬᠢᠯᠭᠡᠬᠦ ᠵᠢᠴᠢ ᠵᠣᠷᠢᠭᠤᠳᠠ ᠭᠠᠭᠴᠠᠭᠠᠷᠳᠠᠭᠤᠯᠬᠤ ᠵᠡᠷᠭᠡ ᠪᠡᠶ᠎ᠡ ᠮᠠᠬᠠᠪᠣᠳ ᠪᠠ | ᠰᠡᠳᠬᠢᠴᠡ ᠶᠢ ᠨᠢ ᠳᠠᠮ ᠢᠶᠠᠷ ᠭᠡᠮᠲᠦᠭᠡᠬᠦ ᠵᠡᠷᠭᠡ ᠬᠡᠯᠪᠡᠷᠢ ᠶᠢ ᠨᠢ ᠥᠭᠡᠷᠡᠲᠦᠭᠦᠯᠦᠨ ᠬᠠᠷᠠᠳᠠᠵᠤ ᠲᠠᠮᠤᠯᠠᠬᠤ ᠦᠢᠯᠡ | ᠠᠵᠢᠯᠯᠠᠭ᠎ᠠ ᠶᠢ ᠪᠠᠭᠳᠠᠭᠠᠵᠠᠢ᠃ | ᠲᠡᠬᠢᠪᠡᠯ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠳᠣᠷᠣᠮᠵᠢᠯᠠᠨ ᠮᠠᠭᠤᠯᠠᠬᠤ ᠳᠤ᠂ ᠳᠣᠷᠣᠮᠵᠢᠯᠠᠨ | ᠬᠠᠷᠢᠶᠠᠬᠤ ᠪᠤᠶᠤ ᠭᠠᠳᠠᠭᠤᠷᠴᠢᠯᠠᠬᠤ ᠴᠢᠨᠠᠷᠲᠠᠶ ᠪᠠ ᠳᠣᠷᠣᠮᠵᠢᠯᠠᠬᠤ ᠴᠢᠨᠠᠷᠲᠠᠶ ᠦᠭᠡ ᠶᠠᠷᠢᠶ᠎ᠠ ᠦᠢᠯᠡ | ᠠᠵᠢᠯᠯᠠᠭ᠎ᠠ ᠪᠠᠷ ᠰᠣᠷᠣᠭᠴᠢ ᠶᠢᠨ ᠨᠡᠷ᠎ᠡ ᠬᠦᠨᠳᠦ ᠳᠤ ᠬᠠᠯᠳᠠᠬᠤ ᠶᠢ ᠪᠠᠭᠳᠠᠭᠠᠪᠠ᠃ ᠪᠠᠰᠠ ᠬᠤᠪᠢ ᠬᠥᠮᠦᠨ ᠪᠤᠶᠤ | ᠴᠥᠭᠡᠨ ᠲᠣᠭᠠᠨ ᠤ ᠬᠥᠮᠦᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ | ᠪᠣᠯᠵᠣ ᠪᠥᠬᠦ ᠰᠣᠷᠣᠭᠴᠢ ᠶᠢ ᠰᠢᠳᠭᠡᠬᠦ︔ ᠰᠤᠷᠤᠭᠴᠢ ᠵᠢᠨᠬᠤᠪᠢ ᠬᠥᠮᠦᠨ ᠤ ᠰᠤᠷᠤᠯᠭ᠎ᠠ ᠶᠢᠨ ᠬᠢᠷᠢ | ᠪᠦᠲᠦᠮᠵᠢ ᠠᠴᠠ ᠪᠣᠯᠵᠤ ᠰᠤᠷᠤᠭᠴᠢ ᠶᠢ ᠰᠢᠳᠭᠡᠬᠦ︔ ᠬᠤᠪᠢ ᠬᠥᠮᠦᠨ ᠤ ᠤᠷᠮ᠎ᠠ ᠰᠡᠳᠬᠢᠯᠭᠡ᠂ ᠰᠠᠶᠢᠨ ᠮᠠᠭᠤ ᠠᠴᠠ | ᠪᠣᠯᠵᠤ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠶᠠᠪᠤᠭᠤᠯᠬᠤ ᠪᠤᠶᠤ ᠰᠤᠩᠭᠤᠯᠳᠠ ᠲᠠᠢ ᠪᠠᠷ | ᠶᠠᠪᠤᠭᠤᠯᠬᠤ ᠶᠢ ᠪᠠᠭᠳᠠᠭᠠᠵᠠᠢ︔ ᠬᠠᠮᠤᠭ ᠰᠡᠭᠦᠯ ᠳᠤᠨᠢ ᠰᠤᠷᠤᠭᠴᠢ ᠲᠣᠮᠢᠯᠠᠨ ᠥᠪᠡᠷ ᠢ ᠪᠠᠨ ᠣᠷᠣᠯᠠᠭᠤᠯᠤᠨ | ᠪᠤᠰᠤᠳ ᠰᠤᠷᠤᠭᠴᠢ ᠳᠤ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠶᠠᠪᠤᠭᠤᠯᠬᠤ ᠶᠢ ᠪᠠᠭᠳᠠᠭᠠᠪᠠ᠃ | | ᠡᠭᠦᠨ ᠠᠴᠠ ᠭᠠᠳᠠᠨ᠎ᠠ᠂ ︽ᠲᠦᠷᠢᠮ︾ ᠳᠤ ᠪᠠᠰᠠ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠦᠢᠯᠡ | ᠪᠠᠶᠢᠳᠠᠯ ᠤᠨ ᠲᠤᠬᠠᠶ ᠪᠣᠳᠠᠲᠠᠶ ᠲᠣᠭᠲᠠᠭᠠᠯ ᠭᠠᠷᠭᠠᠵᠤ᠂ ᠦᠨᠡᠬᠡᠷ ᠴᠢᠬᠤᠯᠠᠲᠠᠶ ᠪᠠᠶᠢᠳᠠᠯ ᠳᠣᠤᠷ᠎ᠠ᠂ ᠰᠤᠷᠭᠠᠭᠤᠯᠢ ᠪᠠ | ᠪᠠᠭᠰᠢ ᠨᠢ ᠰᠣᠷᠣᠭᠴᠢᠳ ᠲᠤ ᠲᠦᠷᠢᠮ ᠲᠤᠬᠳᠠᠭᠠᠯ ᠢ ᠳᠠᠭᠠᠬᠤ ᠥᠬᠡᠶ᠂ ᠡᠮᠬᠢ ᠵᠢᠷᠤᠮ ᠢ ᠰᠠᠮᠠᠭᠤᠷᠠᠭᠤᠯᠬᠤ᠂ | ᠦᠢᠯᠡ ᠠᠵᠢᠯᠯᠠᠭ᠎ᠠ ᠨᠢ ᠵᠢᠷᠤᠮᠵᠢᠯ ᠢᠶᠠᠨ ᠠᠯᠳᠠᠬᠤ᠂ ᠠᠶᠤᠯᠲᠤ ᠴᠢᠨᠠᠷ ᠲᠠᠢ᠂ ᠡᠷᠬᠡ ᠠᠰᠢᠭ ᠲᠤ ᠬᠠᠯᠳᠠᠬᠤ ᠵᠡᠷᠭᠡ | ᠦᠢᠯᠡ ᠪᠠᠶᠢᠳᠠᠯ ᠭᠠᠷᠬᠤ ᠳᠤ ᠬᠦᠷᠪᠡᠯ ᠰᠤᠷᠭᠠᠨ ᠬᠥᠮᠦᠵᠢᠯ ᠤᠨ ᠵᠠᠯᠬᠠᠭᠠᠨ ᠴᠡᠭᠡᠷᠯᠡᠭᠦᠯᠦᠯ ᠶᠠᠪᠤᠭᠤᠯᠵᠤ ᠪᠤᠯᠤᠨ᠎ᠠ | ᠬᠡᠪᠡ᠃ | |