ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠭᠦᠪᠴᠢ ᠶᠢᠨ ᠪᠤᠬᠢᠷᠳᠤᠯ ᠬᠢᠭᠡᠳ ᠵᠠᠰᠠᠯᠳᠠ
ᠨᠡᠶᠢᠲᠡᠯᠡᠭᠰᠡᠨ ᠴᠠᠭ᠄
2021/10/12
                   ᠮᠠᠨ ᠤ ᠤᠯᠤᠰ ᠤᠨ ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠬᠦᠪᠴᠢ ᠶᠢ ᠬᠡᠷᠡᠭᠯᠡᠵᠤ ᠪᠠᠶᠢᠭ᠎ᠠ ᠳᠠᠯᠠᠪᠠᠢ ᠨᠢᠭᠡᠨᠳᠡ 600 ᠳᠦᠮᠡᠨ ᠾᠧᠺᠲ᠋ᠠᠷ ᠢ ᠬᠡᠳᠦᠷᠡᠵᠤ ᠂ ᠵᠢᠯ ᠤᠨ ᠦᠯᠡᠳᠡᠭᠳᠡᠯ ᠬᠤᠭ ᠨᠢ ᠬᠠᠮᠤᠭ ᠠᠷᠪᠢᠨ ᠳᠤ ᠪᠠᠨ 35 ᠲᠦᠮᠡᠨ ᠳᠤᠨ ᠬᠦᠷᠴᠤ ᠪᠤᠢ᠃ ᠶᠡᠬᠡᠩᠬᠢ ᠬᠡᠰᠡᠭ ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠭᠦᠪᠴᠢ ᠨᠢ ᠠᠮᠠᠷᠬᠠᠨ ᠵᠠᠳᠠᠷᠠᠳᠠᠭ ᠦᠭᠡᠢ ᠪᠤᠯᠬᠤᠷ ᠬᠦᠷᠦᠰᠦᠨ ᠤ ᠪᠦᠳᠦᠴᠡ ᠶᠢ ᠡᠪᠳᠡᠭᠰᠡᠨ ᠢᠶᠠᠷ ᠪᠠᠷᠠᠬᠤ ᠦᠭᠡᠢ ᠳᠠᠷᠢᠮᠠᠯ ᠤᠨ ᠦᠨᠳᠦᠰᠦ ᠶᠢᠨ ᠤᠰᠤ ᠰᠢᠩᠭᠡᠭᠡᠨ ᠠᠪᠬᠤ ᠪᠠ ᠤᠷᠭᠤᠬᠤ ᠪᠤᠶᠢᠵᠢᠬᠤ ᠶᠢ ᠬᠠᠷᠰᠢᠯᠠᠵᠤ᠂ ᠬᠦᠷᠦᠰᠦᠨ ᠤ ᠰᠢᠮ᠎ᠡ ᠶᠢ ᠪᠠᠭᠤᠷᠠᠭᠤᠯᠤᠭᠠᠳ ᠤᠰᠤ ᠬᠦᠷᠦᠰᠦᠨ ᠳᠤ ᠳᠤᠷᠤᠭᠰᠢ ᠰᠢᠮᠡᠳᠬᠦ ᠳᠤ ᠬᠦᠴᠢᠷᠳᠡᠢ ᠪᠤᠯᠭᠠᠭᠰᠠᠨ ᠮᠦᠷᠳᠡᠭᠡᠨ ᠦᠯᠡᠳᠡᠭᠳᠡᠯ ᠪᠦᠷᠭᠦᠪᠴᠢ ᠨᠢ ᠵᠠᠳᠠᠷᠬᠠᠤ ᠶᠠᠪᠤᠴᠠ ᠳᠤ ᠪᠠᠨ ᠬᠠᠷ᠎ᠠ ᠳᠤᠭᠤᠯᠭ᠎ᠠ᠂ ᠴᠠᠭᠠᠨ ᠳᠤᠭᠤᠯᠭ᠎ᠠ᠂ ᠹᠲ᠋ᠠᠯᠢᠯ ᠬᠦᠴᠢᠯ ᠤᠨ ᠦᠭᠡᠬᠦ ᠶᠢᠨ ᠳᠦᠷᠦᠯ ᠤᠨ ᠨᠢᠭᠡᠳᠪᠦᠷᠢ ᠵᠡᠷᠭᠡ ᠬᠤᠤᠷᠳᠤ ᠡᠳ᠋ ᠢ ᠢᠯᠭᠠᠷᠠᠭᠤᠯᠤᠨ ᠭᠠᠷᠭᠠᠭᠠᠳ ᠬᠦᠷᠦᠰᠦ ᠰᠢᠷᠤᠢ ᠶᠢᠨ ᠤᠷᠴᠢᠨ ᠳᠤᠭᠤᠷᠢᠨ ᠤ ᠰᠢᠨ᠎ᠡ ᠪᠤᠬᠢᠷᠳᠤᠯ ᠢ ᠡᠭᠦᠰᠭᠡᠳᠡᠭ᠃     1. ᠮᠠᠨ ᠤ ᠤᠯᠤᠰ ᠲᠤ ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠭᠦᠪᠴᠢ ᠬᠡᠷᠡᠭᠯᠡᠵᠤ ᠪᠠᠶᠢᠭ᠎ᠠ ᠪᠠᠶᠢᠳᠠᠯ ᠤᠳᠤᠬᠠᠨ ᠳᠤ ᠮᠠᠨ ᠤ ᠤᠯᠤᠰ ᠤᠨ ᠳᠠᠷᠢᠶᠠᠯᠠᠩ ᠤᠨ ᠪᠦᠷᠭᠦᠪᠴᠢ ᠶᠢᠨ ᠬᠡᠷᠡᠭᠯᠡᠯᠳᠡ ᠨᠢ ᠳᠦᠢᠯ ᠤᠨ ᠦᠷᠭᠡᠨ ᠳᠡᠯᠭᠡᠷ ᠪᠠᠶᠢᠭ᠎ᠠ ᠶᠤᠮ᠃ ᠭᠤᠤᠯᠳᠠᠭᠤ ᠡᠷᠳᠡᠨᠢ ᠰᠢᠰᠢ᠂ ᠤᠰᠤᠨ ᠳᠤᠳᠤᠷᠭ᠎ᠠ ᠶᠢᠨ ᠴᠢᠬᠢ ᠪᠤᠶᠢᠵᠢᠭᠤᠯᠬᠤ᠂ ᠬᠦᠪᠦᠩ᠂ ᠯᠤᠬᠠᠱᠧᠩ᠂ ᠢᠳᠡᠰᠢᠨ ᠨᠤᠭᠤᠭ᠎ᠠ᠂ ᠳᠠᠷᠪᠤᠰ᠂ ᠨᠠᠪᠴᠢᠨ ᠳᠡᠮᠡᠬᠢ ᠵᠡᠷᠭᠡ ᠭᠤᠤᠯᠯᠠᠬᠤ ᠳᠠᠷᠢᠮᠠᠯ ᠳᠡᠭᠡᠷ᠎ᠡ ᠬᠡᠷᠡᠭᠯᠡᠵᠤ ᠪᠤᠢ᠃ ᠳᠠᠷᠢᠶᠠᠯᠠᠩ ᠤᠨ ᠪᠦᠷᠭᠦᠪᠴᠢ ᠶᠢᠨ ᠬᠡᠷᠡᠭᠯᠡᠯᠳᠡ ᠨᠢ ᠳᠠᠷᠢᠮᠠᠯ ᠤᠨ ᠤᠨᠠᠯᠳᠠ ᠪᠠ ᠠᠵᠤ ᠠᠬᠤᠢ ᠶᠢᠨ ᠤᠷᠤᠯᠭ᠎ᠠ ᠶᠢ ᠨᠡᠮᠡᠭᠳᠡᠭᠦᠯᠬᠦ ᠠᠴᠠ ᠭᠠᠳᠠᠨ᠎ᠠ ᠳᠠᠷᠢᠮᠠᠯ ᠤᠨ ᠡᠷᠳᠡ ᠪᠤᠯᠪᠠᠰᠤᠷᠠᠬᠤ ᠶᠢ ᠠᠬᠢᠭᠤᠯᠬᠤ᠂ ᠳᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠪᠠ ᠳᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠳᠤ ᠪᠦᠷ ᠳᠦᠢᠯ ᠤᠨ ᠴᠢᠬᠤᠯᠠ ᠦᠢᠯᠡᠳᠦᠯ ᠲᠠᠢ᠃ ᠭᠡᠳᠡᠯ᠎ᠡ ᠬᠡᠰᠡᠭ ᠭᠠᠵᠠᠷ ᠲᠠᠬᠢ ᠬᠡᠷᠡᠭᠯᠡᠯᠳᠡ ᠶᠢᠨ ᠬᠡᠮᠵᠢᠶ᠎ᠡ ᠶᠡᠭᠡ᠂ ᠵᠠᠷᠢᠮ ᠭᠠᠵᠠᠷ ᠤᠨ ᠬᠡᠷᠡᠭᠯᠡᠬᠦ ᠠᠷᠭ᠎ᠠ ᠨᠢ ᠳᠤᠬᠢᠷᠠᠮᠵᠢ ᠦᠭᠡᠢ ᠵᠡᠷᠭᠡ ᠰᠢᠯᠳᠠᠭᠠᠨ ᠠᠴᠠ ᠪᠤᠯᠵᠤ ᠳᠡᠭᠦᠨ ᠤ ᠤᠷᠴᠢᠨ ᠳᠤᠭᠤᠷᠢᠨ ᠢ ᠪᠤᠬᠢᠷᠳᠤᠭᠤᠯᠬᠤ ᠠᠰᠠᠭᠤᠳᠠᠯ ᠨᠢ ᠡᠳᠦᠷ ᠢᠷᠡᠭᠦᠶ᠎ᠡ ᠬᠦᠨᠳᠤ ᠨᠤᠴᠢᠳᠠᠢ ᠪᠤᠯᠵᠤ ᠪᠤᠢ᠃ ᠬᠠᠷᠢᠴᠠᠩᠭᠤᠢ ᠪᠠᠷ ᠠᠪᠴᠤ ᠬᠡᠯᠡᠪᠡᠯ ᠳᠠᠷᠢᠶᠠᠯᠠᠩ ᠤᠨ ᠪᠦᠷᠭᠦᠪᠴᠢ ᠶᠢᠨ ᠳᠠᠷᠢᠶᠠᠯᠠᠩ ᠤᠨ ᠪᠦᠳᠦᠭᠡᠭᠳᠡᠭᠦᠨ ᠤ ᠶᠠᠰᠤ ᠴᠢᠨᠠᠷ ᠲᠤ ᠦᠵᠡᠭᠦᠯᠬᠦ ᠨᠦᠯᠦᠭᠡ ᠨᠢ ᠳᠦᠢᠯ ᠤᠨ ᠪᠠᠭ᠎ᠠ ᠶᠤᠮ᠃ ᠨᠢᠭᠡ ᠳᠠᠯ᠎ᠠ ᠪᠠᠷ ᠳᠠᠷᠢᠶᠠᠯᠠᠩ ᠤᠨ ᠪᠦᠷᠭᠦᠪᠴᠢ ᠶᠢᠨ ᠬᠡᠷᠡᠭᠯᠡᠯᠳᠡ ᠨᠢ ᠳᠠᠷᠢᠶᠠᠯᠠᠩ ᠤᠨ ᠡᠮ ᠪᠠ ᠬᠢᠮᠢ ᠶᠢᠨ ᠪᠤᠷᠳᠤᠭᠤᠷ ᠢ ᠪᠤᠳᠤᠪᠠᠯ ᠨᠡᠯᠢᠶᠡᠳ ᠲᠦᠪᠯᠡᠷᠡᠭᠰᠡᠨ ᠪᠠᠶᠢᠵᠤ᠂ ᠬᠡᠷᠡᠭᠯᠡᠭᠡᠨ ᠤ ᠬᠦᠷᠢᠶ᠎ᠡ ᠬᠡᠪᠴᠢᠶ᠎ᠡ ᠨᠢ ᠨᠡᠯᠢᠶᠡᠳ ᠪᠠᠭ᠎ᠠ᠃ ᠨᠦᠬᠦᠭᠡ ᠳᠠᠯ᠎ᠠ ᠪᠠᠷ ᠳᠠᠷᠢᠶᠠᠯᠠᠩ ᠤᠨ ᠪᠦᠷᠭᠦᠪᠴᠢ ᠶᠢᠨ ᠳᠤᠰ ᠪᠡᠶ᠎ᠡ ᠨᠢ ᠳᠠᠷᠢᠮᠠᠯ ᠳᠤ ᠰᠢᠩᠭᠡᠭᠡᠭᠳᠡᠬᠦ ᠦᠭᠡᠢ ᠪᠠᠶᠢᠳᠠᠭ᠃ ᠠᠩᠬᠠᠷᠪᠠᠰᠤ ᠵᠤᠬᠢᠬᠤ ᠠᠰᠠᠭᠤᠳᠠᠯ ᠨᠢ ᠭᠡᠪᠡᠯ᠂ ᠦᠢᠯᠡᠳᠪᠦᠷᠢᠯᠡᠯ ᠤᠨ ᠮᠡᠷᠭᠡᠵᠢᠯ ᠵᠡᠷᠭᠡ ᠳᠠᠯ᠎ᠠ ᠶᠢᠨ ᠰᠢᠯᠳᠠᠭᠠᠨ ᠠᠴᠠ ᠪᠤᠯᠤᠭᠠᠳ ᠳᠠᠷᠢᠶᠠᠯᠠᠩ ᠤᠨ ᠪᠦᠷᠭᠦᠪᠴᠢ ᠳᠤ ᠠᠭᠤᠯᠤᠭᠳᠠᠵᠤ ᠪᠠᠶᠢᠭ᠎ᠠ ᠪᠢᠴᠢᠯ ᠤᠷᠴᠢᠨ ᠳᠤᠭᠤᠷᠢᠨ ᠤ ᠬᠤᠷᠮᠤᠨ ᠪᠤᠳᠠᠰ᠂ ᠵᠢᠱᠢᠶᠡᠯᠡᠪᠡᠯ ᠬᠤᠯᠪᠤᠭ᠎ᠠ ᠪᠧᠨ᠋ᠽᠧᠨᠳᠤ ᠹᠧᠨᠤᠯ᠂ ᠵᠡᠷᠭᠡᠯᠡᠳᠡᠭᠡ ᠪᠧᠨ᠋ᠽᠧᠨᠳᠤ ᠬᠤᠶᠠᠷᠴᠢ ᠮᠧᠲ᠋ᠠ ᠬᠦᠴᠢᠯ ᠤᠨ ᠡᠰᠲᠧᠷ᠂ ᠪᠦᠭᠡᠭᠡᠨᠡᠷᠡᠯ ᠡᠲ᠋ᠢᠯᠧᠨ᠂ ᠪᠦᠭᠡᠭᠡᠨᠡᠷᠡᠯ ᠾᠯᠤᠷᠳᠤ ᠬᠤᠯᠪᠤᠭ᠎ᠠ ᠪᠧᠨ᠋ᠽᠧᠨ ᠨᠢ ᠪᠠᠰᠠ ᠳᠠᠷᠢᠶᠠᠯᠠᠩ ᠤᠨ ᠪᠦᠳᠦᠭᠡᠭᠳᠡᠭᠦᠨ ᠳᠤ ᠪᠤᠬᠢᠷᠳᠤᠭᠤᠯᠤᠯ ᠤᠴᠠᠷᠠᠭᠤᠯᠬᠤ ᠮᠦᠷᠳᠡᠭᠡᠨ ᠡᠭᠦᠨ ᠠᠴᠠ ᠪᠤᠯᠵᠤ ᠬᠦᠮᠦᠨ ᠳᠦᠷᠦᠯᠬᠢᠳᠡᠨ ᠤ ᠪᠡᠶ᠎ᠡ ᠮᠠᠬᠠᠪᠤᠳ ᠤᠨ ᠡᠷᠡᠭᠦᠯ ᠮᠠᠨᠳᠤ ᠶᠢ ᠬᠤᠬᠢᠷᠠᠭᠤᠯᠵᠤ ᠮᠡᠳᠡᠨ᠎ᠡ᠃     2. ᠬᠠᠶᠠᠭᠳᠠᠮᠠᠯ ᠳᠠᠷᠢᠶᠠᠯᠠᠩ ᠤᠨ ᠪᠦᠷᠭᠦᠪᠴᠢ ᠶᠢᠨ ᠬᠤᠤᠷ ᠬᠦᠨᠦᠭᠡᠯ ᠬᠢᠮᠢ ᠶᠢᠨ ᠪᠤᠷᠳᠤᠭᠤᠷ ᠪᠤᠯᠤᠨ ᠳᠠᠷᠢᠶᠠᠯᠠᠩ ᠤᠨ ᠡᠮ ᠤᠨ ᠬᠦᠷᠦᠰᠦ ᠰᠢᠷᠤᠢ ᠳᠤ ᠦᠵᠡᠭᠦᠯᠬᠦ ᠪᠤᠬᠢᠷᠳᠤᠭᠤᠯᠤᠯ ᠲᠠᠢ ᠬᠠᠷᠢᠴᠠᠭᠤᠯᠪᠠᠯ᠂ ᠳᠠᠷᠢᠶᠠᠯᠠᠩ ᠤᠨ ᠪᠦᠷᠭᠦᠪᠴᠢ ᠶᠢᠨ ᠬᠦᠷᠦᠰᠦ ᠰᠢᠷᠤᠢ ᠳᠤ ᠦᠵᠡᠭᠦᠯᠬᠦ ᠪᠤᠬᠢᠷᠳᠤᠭᠤᠯᠤᠯ ᠨᠢ ᠭᠤᠤᠯᠳᠠᠭᠤ ᠹᠢᠽᠢᠺ ᠤᠨ ᠴᠢᠨᠠᠷᠳᠠᠢ ᠪᠠᠶᠢᠳᠠᠭ᠃ ᠳᠠᠷᠢᠶᠠᠯᠠᠩ ᠤᠨ ᠪᠦᠷᠭᠦᠪᠴᠢ ᠶᠢ ᠶᠡᠭᠡ ᠬᠡᠮᠵᠢᠶ᠎ᠡ ᠪᠠᠷ ᠬᠡᠷᠡᠭᠯᠡᠭᠰᠡᠨ ᠮᠦᠷᠳᠡᠭᠡᠨ ᠪᠤᠴᠠᠭᠠᠨ ᠬᠤᠷᠢᠶᠠᠵᠤ ᠠᠪᠬᠤ ᠨᠤᠷᠮ᠎ᠠ ᠨᠢ ᠳᠤᠤᠷ᠎ᠠ ᠪᠤᠯᠬᠤᠷ ᠳᠡᠭᠦᠨ ᠤ ᠬᠦᠷᠦᠰᠦᠨ ᠳᠠᠬᠢ ᠦᠯᠡᠳᠡᠭᠳᠡᠯ ᠨᠢ ᠬᠦᠷᠦᠰᠦ ᠰᠢᠷᠤᠢ ᠶᠢᠨ ᠤᠰᠤ ᠠᠭᠠᠷ ᠨᠡᠪᠳᠡᠷᠡᠬᠦ ᠵᠡᠷᠭᠡ ᠹᠢᠽᠢᠺ ᠤᠨ ᠰᠢᠨᠵᠢ ᠴᠢᠨᠠᠷ ᠢ ᠨᠦᠯᠦᠭᠡᠯᠡᠵᠤ ᠂ ᠬᠦᠷᠦᠰᠦ ᠰᠢᠷᠤᠢ ᠳᠠᠬᠢ ᠰᠢᠮ᠎ᠡ ᠳᠡᠵᠢᠭᠡᠯ ᠤᠨ ᠰᠢᠯᠵᠢᠯᠳᠡ ᠨᠢ ᠬᠠᠷᠰᠢᠯᠠᠭᠳᠠᠬᠤ ᠶᠢᠨ ᠬᠠᠮᠳᠤ ᠡᠭᠦᠨ ᠠᠴᠠ ᠪᠤᠯᠤᠭᠠᠳ ᠳᠠᠷᠢᠮᠠᠯ ᠤᠨ ᠤᠷᠭᠤᠴᠠ ᠪᠤᠶᠢᠵᠢᠯᠳᠠ ᠪᠠ ᠤᠨᠠᠯᠳᠠ ᠶᠢ ᠨᠦᠯᠦᠭᠡᠯᠡᠳᠡᠭ᠃ ᠳᠠᠷᠢᠶᠠᠯᠠᠩ ᠤᠨ ᠪᠦᠷᠭᠦᠪᠴᠢ ᠲᠠᠢ ᠪᠤᠷᠳᠤᠭ᠎ᠠ ᠶᠢ ᠮᠠᠯ ᠤᠨᠤᠭ᠎ᠠ ᠢᠳᠡᠪᠡᠯ ᠰᠢᠩᠭᠡᠭᠡᠯᠳᠡ ᠶᠢᠨ ᠵᠠᠮ ᠤᠨ ᠡᠪᠡᠳᠴᠢᠨ ᠡᠮᠭᠡᠭ ᠡᠭᠦᠰᠴᠤ ᠴᠢᠨᠠᠭᠰᠢᠯᠠᠪᠠᠯ ᠦᠭᠦᠳᠡᠭ ᠶᠤᠮ᠃    3. ᠰᠦᠯᠢᠶᠦᠤ ᠪᠦᠷᠭᠦᠪᠴᠢ ᠶᠢᠨ ᠪᠤᠬᠢᠷᠳᠤᠭᠤᠯᠤᠯ ᠢ ᠵᠠᠰᠠᠬᠤ ᠠᠷᠭ᠎ᠠ ᠬᠡᠮᠵᠢᠶ᠎ᠡ ᠬᠠᠮᠤᠭ ᠳᠠᠷᠢᠭᠦᠨ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠳᠡᠢ ᠲᠦᠯᠦᠪᠵᠢᠭᠦᠯᠦᠨ᠂ ᠳᠠᠷᠢᠶᠠᠯᠠᠩ ᠤᠨ ᠬᠡᠷᠡᠭᠯᠡᠭᠡᠨ ᠤ ᠰᠦᠯᠢᠶᠤᠤ ᠪᠦᠷᠭᠦᠪᠴᠢ ᠶᠢ ᠬᠡᠷᠡᠭᠯᠡᠬᠦ᠂ ᠪᠤᠴᠠᠭᠠᠨ ᠬᠤᠷᠢᠶᠠᠬᠤ ᠤᠷᠳᠤᠮᠵᠢ ᠶᠢᠨ ᠵᠤᠬᠢᠴᠠᠮᠵᠢ ᠶᠢ ᠪᠠᠶᠢᠭᠤᠯᠤᠨ᠎ᠠ᠃ ᠳᠠᠷᠠᠭᠠᠯᠠᠪᠠᠯ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠡᠷᠴᠢᠮᠵᠢᠭᠦᠯᠵᠤ᠂ ᠬᠠᠶᠠᠭᠳᠠᠮᠠᠯ ᠬᠠᠭᠤᠴᠢᠷᠠᠭᠰᠠᠨ ᠰᠦᠯᠢᠶᠤᠤ ᠪᠦᠷᠭᠦᠪᠴᠢ ᠶᠢ ᠠᠷᠢᠯᠭᠠᠬᠤ ᠪᠠ ᠪᠤᠴᠠᠭᠠᠨ ᠬᠤᠷᠢᠶᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠬᠡᠨ ᠬᠡᠷᠡᠭᠯᠡᠪᠡᠯ ᠬᠡᠨ ᠪᠤᠴᠠᠭᠠᠨ ᠬᠤᠷᠢᠶᠠᠵᠤ᠂ ᠬᠠᠭᠤᠴᠢᠨ ᠢᠶᠠᠷ ᠰᠢᠨ᠎ᠡ ᠶᠢ ᠰᠤᠯᠢᠬᠤ ᠶᠢ ᠠᠭᠠᠵᠢᠮ ᠢᠶᠠᠷ ᠪᠡᠶᠡᠯᠡᠭᠦᠯᠦᠨ᠎ᠡ᠃
ᠢᠷᠡᠯᠲᠡ᠄ ᠲᠣᠲᠣᠷᠬᠠᠢ ᠦᠭᠡᠢ