​ᠠᠮᠢ ᠠᠬᠤᠢ ᠶᠢ ᠰᠡᠷᠭᠦᠭᠡᠭᠦ ᠳᠤ ᠪᠠᠶᠢᠭᠠᠯᠢᠯᠢᠬ ᠭᠦᠴᠤᠨ ᠢ ᠴᠢᠬᠤᠯᠠᠴᠢᠯᠠᠨ᠎ᠠ ᠤᠤ︖ ᠡᠰᠡᠪᠡᠯ ᠭᠦᠮᠦᠨ ᠤ ᠭᠦᠴᠤᠨ ᠢ ᠴᠢᠬᠤᠯᠠᠴᠢᠯᠡᠨ᠎ᠠ ᠤᠤ︖
ᠨᠡᠶᠢᠲᠡᠯᠡᠭᠰᠡᠨ ᠴᠠᠭ᠄
2021/10/12
    ᠪᠠᠶᠢᠭᠠᠯᠢᠯᠢᠬ ᠭᠦᠴᠤᠨ ᠳᠤ ᠲᠦᠰᠢᠭᠯᠡᠨ ᠠᠮᠢ ᠠᠬᠤᠢ ᠶᠢ ᠰᠡᠷᠭᠦᠭᠡᠭᠦ ᠪᠤᠯ ᠨᠢᠭᠡᠨ ᠪᠦᠳᠦᠮᠵᠢᠳᠡᠢ ᠴᠢᠬᠤᠯᠠ ᠠᠷᠭ᠎ᠠ ᠭᠡᠮᠵᠢᠶ᠎ᠠ ᠪᠤᠯᠤᠨ᠎ᠠ᠃ ᠪᠠᠶᠢᠭᠠᠯᠢᠯᠢᠬ ᠭᠦᠴᠤᠨ ᠢ ᠠᠰᠢᠠᠠᠯᠠᠨ ᠠᠮᠢ ᠠᠬᠤᠢ ᠶᠢ ᠰᠡᠷᠭᠦᠭᠡᠭᠦ ᠶᠠᠪᠤᠴᠡ ᠶᠢ ᠪᠢᠳᠡᠭᠦᠮᠵᠢᠯᠡᠭᠦ ᠶᠠᠪᠤᠳᠠᠯ ᠭᠡᠮᠡᠨ ᠲᠦᠭᠦᠮ ᠢᠶᠠᠷ ᠤᠶᠢᠯᠠᠭᠠᠵᠤ ᠪᠤᠯᠤᠨ᠎ᠠ᠃ ᠦᠭᠡᠷ᠎ᠡ ᠪᠠᠷ ᠭᠡᠯᠡᠪᠡᠯ ᠭᠦᠷᠤᠰᠤ ᠰᠢᠷᠤᠢ ᠶᠢ ᠬᠤᠭᠢᠷᠠᠭᠤᠯᠬᠤ ᠦᠭᠡᠢ ᠬᠠᠮᠠᠭᠠᠯᠠᠬᠤ ᠤᠷᠢᠳᠠᠯ ᠲᠤᠤᠷ᠎ᠡ᠂ ᠡᠯ᠎ᠡ ᠲᠦᠷᠦᠯ ᠤᠨ ᠦᠷᠡᠵᠢᠯᠳᠤ ᠪᠡᠶ᠎ᠠ ︵ᠵᠢᠱᠢᠶᠡᠯᠡᠪᠡᠯ ᠦᠷ᠎ᠡ᠂ ᠪᠤᠷᠴᠠᠭ᠂ ᠦᠷ᠎ᠠ ᠵᠢᠮᠢᠰ᠂ ᠰᠤᠶᠤᠭᠠᠯᠠᠬᠤ ᠦᠨᠳᠤᠰᠤ ᠪᠠ ᠨᠠᠭᠢᠶᠠᠯᠠᠬᠤ ᠴᠢᠭᠢ︶ ᠵᠡᠷᠭᠡ ᠶᠢ ᠴᠢᠯᠦᠭᠡᠳᠡᠢ ᠦᠷᠡᠵᠢᠭᠦᠯᠭᠦ ᠶᠠᠪᠤᠳᠠᠯ ᠪᠤᠯᠤᠨ᠎ᠠ᠃ ᠪᠠᠶᠢᠭᠠᠯᠢᠯᠢᠬ ᠨᠤᠳᠤᠭ ᠪᠡᠯᠴᠢᠭᠡᠷ ᠲᠤ ᠤᠯᠢᠶᠠᠰᠤ ᠵᠡᠷᠭᠡ ᠲᠠᠩ ᠭᠠᠭᠴᠠ ᠲᠦᠷᠦᠯ ᠤᠨ ᠮᠤᠳᠤ ᠲᠠᠷᠢᠬᠤ ᠶᠢ ᠡᠷᠡᠰ ᠡᠰᠡᠷᠭᠦᠴᠡᠭᠦ ᠭᠡᠷᠡᠭᠳᠡᠢ᠃ ᠡᠨᠡ ᠬᠦ ᠠᠵᠢᠯᠯᠠᠭ᠎ᠠ ᠪᠤᠯ ᠪᠠᠶᠢᠭᠠᠯᠢᠯᠢᠬ ᠪᠡᠯᠴᠢᠭᠡᠷ ᠲᠠᠬᠢ ᠭᠦᠮᠦᠰ ᠤᠨ ᠲᠠᠯᠭᠢᠨ᠋ᠠᠳᠠᠯ ᠮᠦᠨ ᠪᠦᠭᠡᠳ ᠡᠪᠡᠰᠤ ᠪᠡᠯᠴᠢᠭᠡᠷ ᠢ ᠰᠡᠷᠭᠦᠭᠡᠭᠦ ᠳᠤ ᠠᠰᠢᠭ ᠦᠭᠡᠢ ᠮᠦᠷᠳᠡᠭᠡᠨ ᠬᠤᠤᠷ ᠲᠠᠢ ᠶᠤᠮ᠃ ᠪᠠᠶᠢᠭᠠᠯᠢᠯᠢᠬ ᠭᠦᠴᠤᠨ ᠢ ᠠᠰᠢᠠᠠᠯᠠᠨ ᠡᠪᠡᠰᠤ ᠪᠡᠯᠴᠢᠭᠡᠷ ᠢ ᠰᠡᠷᠭᠦᠭᠡᠭᠰᠡᠨ ᠪᠦᠳᠦᠮᠵᠢᠳᠡᠢ ᠦᠯᠢᠭᠡᠷ ᠵᠢᠱᠢᠶ᠎ᠠ ᠮᠠᠰᠢ ᠤᠯᠠᠨ ᠪᠤᠢ᠃ ᠵᠢᠱᠢᠶᠡᠯᠡᠪᠡᠯ ᠬᠤᠯᠠᠨ ᠰᠢᠷᠭ᠎ᠠ ᠲᠠᠭ᠎ᠠ ᠶᠢᠨ ᠡᠯᠡᠰᠤᠨ ᠳᠠᠬᠢ ᠰᠢᠯᠤᠭᠤᠨ ᠭᠦᠭᠡ ᠬᠤᠰᠢᠭᠤᠨ ᠤ ᠪᠠᠶᠠᠠᠬᠤᠰᠢᠭᠤ ᠭᠠᠴᠠᠭ᠎ᠠ 4 ᠲᠦᠮᠡᠨ ᠮᠤ᠋ ᠪᠠᠯᠴᠢᠭᠡᠷ ᠢ ᠪᠢᠳᠡᠭᠦᠮᠵᠢᠯᠡᠭᠰᠡᠨ ᠳᠤ ᠴᠠᠶᠢᠳᠠᠮ ᠲᠡᠭᠡᠷᠡᠭᠢ ᠡᠪᠡᠰᠤ ᠤᠷᠭᠤᠮᠠᠯ ᠨᠢ ᠨᠢᠭᠡᠳᠦᠭᠡᠷ ᠵᠢᠯ ᠳᠡᠭᠡᠨ ᠪᠦᠭᠦᠨ ᠢᠶᠠᠷ ᠢᠶᠠᠨ ᠰᠡᠷᠭᠦᠵᠤ᠂ ᠡᠪᠡᠰᠤ ᠨᠢ ᠲᠤᠬᠠᠢ ᠶᠢᠨ ᠵᠢᠯ ᠳᠡᠭᠡᠨ 80cm ᠦᠨᠳᠤᠷ ᠤᠷᠭᠤᠵᠤ᠂ ᠮᠤ᠋ ᠪᠦᠷᠢ ᠠᠴᠠ 820 ᠵᠢᠩ ᠡᠪᠡᠰᠤ ᠬᠠᠳᠤᠵᠠᠢ᠃ ᠬᠤᠶᠠᠳᠤᠭᠠᠷ ᠵᠢᠯ ᠳᠤᠨᠢ ᠨᠡᠩ ᠭᠠᠶᠢᠬᠠᠮ᠎ᠠ ᠪᠠᠶᠢᠳᠠᠯ ᠢᠯᠡᠷᠡᠵᠤ᠂ ᠡᠪᠡᠰᠤ ᠨᠢ 1.43m ᠦᠨᠳᠤᠷ ᠤᠷᠭᠤᠵᠤ᠂ ᠮᠤ᠋ ᠪᠦᠷᠢ ᠠᠴᠠ 5300 ᠵᠢᠩ ᠡᠪᠡᠰᠤ ᠬᠤᠷᠢᠶᠠᠵᠤ᠂ ᠠᠶᠠᠠᠳᠠᠭᠠᠨ ᠴᠢᠭᠢᠯᠡᠭᠰᠡᠨ ᠵᠤᠯᠵᠠᠭᠠᠨ ᠬᠠᠶᠢᠯᠠᠰᠤ ᠨᠢ ᠲᠡᠭᠰᠢ ᠲᠦᠷᠪᠠᠯᠵᠢᠨ ᠮᠧᠳ᠋ᠷ ᠪᠦᠷᠢ 321 ᠰᠠᠭᠤᠷᠢ ᠴᠤᠬᠤᠶᠢᠵᠠᠢ᠃ ᠭᠦᠢ ᠪᠦᠯᠦᠭᠯᠡᠯ ᠤᠨ ᠤᠷᠤᠯᠬᠠᠳᠠᠯ ᠤᠨ ᠲᠠᠯ᠎ᠠ ᠪᠠᠷ ᠤᠷᠭᠤᠮᠠᠯ ᠤᠨ ᠲᠦᠷᠦᠯ ᠨᠢ ᠲᠤᠬᠠᠢ ᠶᠢᠨ ᠵᠢᠯ ᠤᠨ ᠬᠤᠯᠢᠮᠠᠭ ᠲᠦᠷᠦᠯ ᠤᠨ ᠡᠪᠡᠰᠤ ᠪᠠᠶᠢᠠᠠᠰᠠᠨ ᠠᠴᠠ ᠴᠢᠨᠠᠷ ᠰᠠᠶᠢᠳᠠᠢ ᠦᠶᠡᠳᠤ ᠤᠷᠭᠤᠮᠠᠯ ᠪᠤᠯᠵᠤ ᠰᠤᠯᠢᠠᠠᠳᠠᠵᠠᠢ᠃ ᠡᠨᠡ ᠪᠤᠯ ᠭᠦᠮᠦᠨ ᠤ ᠶᠠᠮᠠᠷᠪᠡ ᠭᠦᠴᠦᠨ ᠢᠶᠠᠷ ᠪᠡᠶᠡᠯᠡᠭᠦᠯᠵᠤ ᠴᠢᠳᠠᠰᠢ ᠦᠭᠡᠢ ᠶᠠᠪᠤᠳᠠᠯ 14 ᠶᠤᠮ᠃ ᠲᠠᠭᠢᠪᠡᠯ ᠤᠯᠠᠭᠠᠠᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠤ ᠰᠠᠶᠢᠬᠠᠬᠠᠭᠤᠯᠠ ᠠᠮᠢᠳᠤ ᠪᠤᠳᠠᠰ ᠤᠨ ᠬᠠᠮᠠᠭᠠᠯᠠᠯᠳᠡ ᠶᠢᠨ ᠲᠤᠭᠤᠷᠢᠭ ᠤᠨ 1000 ᠭᠠᠷᠤᠢ ᠮᠤ᠋᠂ ᠭᠤᠤᠯ ᠲᠤᠭᠤᠷᠢᠭ ᠨᠢ ᠰᠠᠭᠤᠷᠢᠰᠢᠯ ᠮᠠᠯᠵᠢᠯ ᠤᠨ 100 ᠴᠡᠭ ᠢ ᠨᠡᠭᠦᠯᠭᠡᠨ ᠰᠢᠯᠵᠢᠭᠦᠯᠦᠭᠰᠡᠨ ᠠᠴᠠ ᠬᠤᠵᠢᠭᠢᠷ ᠪᠠᠶᠢᠠᠠᠰᠠᠨ ᠡᠯᠡᠰᠤ ᠶᠢᠨ ᠤᠷᠭᠤᠮᠠᠯ ᠨᠢ ᠵᠢᠯ ᠤᠨ ᠲᠤᠳᠤᠷ᠎ᠡ ᠪᠦᠭᠦᠨ ᠢᠶᠠᠷ ᠢᠶᠠᠨ ᠰᠡᠷᠭᠦᠭᠰᠡᠨ ᠪᠠᠶᠢᠨ᠎ᠠ᠃ ᠡᠳᠡᠭᠡᠷ ᠵᠢᠱᠢᠶ᠎ᠠ ᠨᠦᠭᠦᠳ ᠨᠢ ᠪᠠᠶᠢᠭᠠᠯᠢᠯᠢᠬ ᠭᠦᠴᠤᠨ ᠢ ᠠᠰᠢᠠᠠᠯᠠᠨ ᠠᠮᠢ ᠠᠬᠤᠢ ᠶᠢᠨ ᠰᠢᠰᠲ᠋ᠧᠮ ᠢ ᠰᠡᠷᠭᠦᠭᠡᠭᠦ ᠨᠢ ᠬᠠᠮᠤᠭ ᠤᠨ ᠰᠢᠭᠤᠳ᠂ ᠬᠠᠮᠤᠭ ᠤᠨ ᠠᠷᠪᠢᠴᠢ᠂ ᠬᠠᠮᠤᠭ ᠤᠨ ᠪᠦᠳᠦᠮᠵᠢᠳᠡᠢ᠂ ᠲᠦᠭᠰᠢᠭᠦᠷᠢ ᠪᠠᠷ ᠴᠤ ᠬᠠᠮᠤᠭ ᠤᠨ ᠪᠠᠭ᠎ᠠ ᠪᠠᠶᠢᠬᠤ ᠠᠷᠭ᠎ᠠ ᠵᠠᠮ ᠮᠦᠨ ᠭᠡᠰᠡᠨ ᠢ ᠲᠤᠳᠤ ᠬᠠᠷᠠᠭᠤᠯᠵᠤ ᠪᠠᠶᠢᠨ᠎ᠠ᠃ ᠭᠡᠳᠡᠯ᠎ᠠ ᠤᠷᠳᠤ ᠬᠤᠭᠤᠴᠠᠭᠠᠨ ᠤ ᠲᠤᠷᠰᠢ ᠭᠦᠮᠦᠰ ᠡᠨᠡ ᠬᠦ ᠶᠠᠪᠤᠳᠠᠯ ᠢ ᠤᠮᠳᠤᠭᠠᠶᠢᠯᠬᠠᠰᠠᠨ ᠨᠢ ᠮᠠᠰᠢ ᠬᠠᠷᠠᠮᠰᠠᠯᠳᠠᠢ ᠪᠢᠯᠡ᠃   
ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠡᠴ᠊