ᠬᠤᠨᠢ ᠲᠡᠵᠢᠭᠡᠭᠡᠳ ᠲᠠᠷᠭᠤᠯᠠᠬᠤ ᠦᠭᠡᠢ ᠪᠠᠶᠢᠬᠤ ᠶᠢᠨ 6 ᠰᠢᠯᠳᠠᠭᠠᠨ
ᠨᠡᠶᠢᠲᠡᠯᠡᠭᠰᠡᠨ ᠴᠠᠭ᠄
2021/10/19
   1. ᠬᠤᠨᠢ ᠶᠢᠨ ᠬᠤᠷᠤᠬᠠᠢ ᠶᠢ ᠲᠠᠭᠤᠵᠦ ᠬᠤᠳᠤᠭᠤᠳᠤ ᠶᠢ ᠰᠠᠶᠢᠵᠢᠷᠠᠭᠤᠯᠤᠭᠰᠠᠨ ᠦᠭᠡᠢ ᠬᠤᠨᠢ ᠨᠢ ᠪᠦᠳᠦᠭᠦᠯᠢᠭ ᠪᠤᠷᠳᠤᠭ᠎ᠠ᠂ ᠪᠡᠯᠴᠢᠭᠡᠷ ᠡᠪᠡᠰᠦ ᠢᠳᠡᠰᠢᠯᠡᠳᠡᠭ ᠠᠴᠠ ᠦᠷᠭᠦᠯᠵᠢ ᠭᠠᠵᠠᠷ ᠲᠠᠢ ᠬᠦᠷᠦᠯᠴᠡᠳᠡᠭ᠂ ᠡᠶᠢᠮᠤ ᠠᠴᠠ ᠰᠢᠩᠭᠡᠭᠡᠯᠳᠡ ᠶᠢᠨ ᠵᠠᠮ ᠨᠢ ᠲᠤᠩ ᠠᠮᠠᠷᠬᠠᠨ ᠡᠯ᠎ᠠ ᠵᠦᠢᠯ ᠤᠨ ᠤᠳᠠᠰᠤᠯᠢᠭ ᠬᠤᠷᠤᠬᠠᠢ ᠂ ᠰᠢᠮᠡᠭᠦᠷ ᠬᠤᠷᠤᠬᠠᠢ᠂ ᠬᠠᠪᠳᠠᠭᠠᠢ ᠴᠠᠭᠠᠨ ᠬᠤᠷᠤᠬᠠᠢ ᠵᠡᠷᠭᠡ ᠳᠤ ᠬᠠᠯᠳᠠᠪᠤᠷᠢᠯᠠᠭᠳᠠᠵᠦ᠂ ᠠᠷᠠᠰᠤ ᠦᠰᠦ ᠨᠢ ᠪᠠᠰᠠ ᠲᠤᠩ ᠠᠮᠠᠷᠬᠠᠨ ᠪᠦᠭᠡᠰᠦ᠂ ᠬᠠᠴᠢᠭ᠂ ᠬᠤᠪᠢᠯᠵᠠᠭᠠᠨ᠎ᠠ᠂ ᠢᠯᠠᠭᠠᠨ ᠤ ᠦᠳᠦ ᠵᠡᠷᠭᠡ ᠮᠦᠯᠵᠢᠬᠦᠷ ᠬᠤᠷᠤᠬᠠᠢ ᠳᠤ ᠬᠠᠯᠳᠠᠪᠤᠷᠢᠯᠠᠭᠳᠠᠬᠤ ᠪᠤᠯᠤᠨ᠎ᠠ᠃ ᠬᠤᠨᠢ ᠶᠢᠨ ᠪᠡᠶ᠎ᠠ ᠨᠢ ᠮᠦᠯᠵᠢᠬᠦᠷ ᠬᠤᠷᠤᠬᠠᠢ ᠳᠤ ᠬᠦᠩᠭᠡᠨ ᠠᠴᠠ ᠲᠤᠮᠳᠠ ᠵᠡᠷᠭᠡ ᠶᠢᠨ ᠭᠡᠮᠵᠢᠶᠡᠨ ᠳᠤ ᠬᠠᠯᠳᠠᠪᠤᠷᠢᠯᠠᠭᠳᠠᠭᠰᠠᠨ ᠤ ᠰᠡᠭᠦᠯᠡᠷ ᠪᠤᠷᠳᠤᠭᠠᠨ ᠤ ᠬᠤᠪᠢᠷᠠᠭᠠᠯᠳᠠ ᠶᠢ ᠨᠦᠯᠦᠭᠡᠯᠡᠬᠦ ᠪᠤᠯᠤᠨ᠎ᠠ᠂ ᠭᠤᠤᠯᠳᠠᠭᠤ ᠢᠳᠡᠭᠡᠨ ᠤ ᠲᠤᠷᠠᠰᠢᠯ ᠮᠠᠭᠤᠳᠠᠬᠤ᠂ ᠤᠭᠤᠷᠠᠭ ᠢ ᠰᠢᠩᠭᠡᠭᠡᠬᠦ ᠪᠠ ᠡᠨᠧᠷᠬᠢ ᠶᠢᠨ ᠠᠰᠢᠭᠯᠠᠮᠵᠢ ᠶᠢ ᠪᠠᠭᠤᠷᠠᠭᠤᠯᠵᠦ᠂ ᠺᠧᠲ᠋ᠤᠨ ᠪᠡᠶ᠎ᠠ ᠶᠢᠨ ᠴᠢᠨᠠᠷ ᠬᠢᠭᠡᠳ ᠬᠦᠨᠳᠦ ᠶᠢ ᠨᠡᠮᠡᠭᠳᠡᠭᠦᠯᠭᠦ ᠦᠷ᠎ᠠ ᠳ᠋ᠦᠩ ᠢ ᠪᠠᠭᠤᠷᠠᠭᠤᠯᠬᠤ ᠶᠢᠨ ᠤᠯᠠᠮ ᠠᠴᠠ ᠲᠡᠵᠢᠭᠡᠨ ᠦᠷᠡᠵᠢᠭᠦᠯᠭᠦ ᠠᠵᠤ ᠠᠬᠤᠢ ᠶᠢᠨ ᠦᠷ᠎ᠠ ᠠᠰᠢᠭ ᠢ ᠨᠦᠯᠦᠭᠡᠯᠡᠬᠦ ᠪᠤᠯᠤᠨ᠎ᠠ᠃ ᠡᠶᠢᠮᠤ ᠠᠴᠠ ᠲᠤᠭᠳᠠᠮᠠᠯ ᠬᠤᠭᠤᠴᠠᠭ᠎ᠠ ᠲᠠᠢ ᠪᠠᠷ ᠬᠤᠷᠤᠬᠠᠢ ᠲᠠᠭᠤᠵᠦ ᠬᠤᠳᠤᠭᠤᠳᠤ ᠶᠢ ᠰᠠᠶᠢᠵᠢᠷᠠᠭᠤᠯᠬᠤ ᠨᠢ ᠲᠤᠩ ᠴᠢᠬᠤᠯᠠ ᠲᠠᠢ ᠶᠤᠮ᠃     2. ᠨᠠᠶᠢᠷᠠᠯᠭ᠎ᠠ ᠨᠢ ᠵᠤᠬᠢᠰ ᠦᠭᠡᠢ ᠵᠤᠬᠢᠰ ᠦᠭᠡᠢ ᠨᠠᠶᠢᠷᠠᠯᠭ᠎ᠠ ᠨᠢ ᠬᠤᠨᠢᠨ ᠤ ᠦᠰᠦᠯᠳᠡ ᠪᠤᠶᠢᠵᠢᠯᠳᠠ ᠳᠤ ᠭᠡᠷᠡᠭᠰᠡᠬᠦ ᠰᠢᠮ᠎ᠠ ᠲᠡᠵᠢᠭᠡᠯᠳᠦ ᠪᠤᠳᠠᠰ᠂ ᠸᠢᠲ᠋ᠠᠮᠢᠨ᠂ ᠡᠷᠦᠳᠡᠰᠦ ᠪᠤᠳᠠᠰ ᠵᠡᠷᠭᠡ ᠶᠢ ᠲᠡᠩᠴᠡᠭᠦᠨ ᠪᠢᠰᠢ ᠪᠤᠯᠭᠠᠬᠤ ᠮᠦᠷᠳᠡᠭᠡᠨ ᠪᠠᠰᠠ ᠲᠦᠭᠦᠭᠡᠢ ᠮᠠᠲ᠋ᠧᠷᠢᠶᠠᠯ ᠪᠤᠯᠤᠨ ᠪᠡᠯᠡ ᠮᠦᠩᠭᠦ ᠶᠢᠨ ᠤᠷᠤᠭᠤᠯᠤᠯᠳᠠ ᠶᠢᠨ ᠰᠦᠢᠳᠭᠡᠯ ᠢ ᠪᠤᠢ ᠪᠤᠯᠭᠠᠬᠤ ᠶᠤᠮ᠂ ᠡᠶᠢᠮᠤ ᠠᠴᠠ ᠨᠠᠶᠢᠷᠠᠯᠭ᠎ᠠ ᠶᠢᠨ ᠰᠢᠨᠵᠢᠯᠡᠬᠦ ᠤᠬᠠᠭᠠᠨᠴᠢ ᠡᠰᠡᠬᠦ᠂ ᠡᠯ᠎ᠠ ᠵᠦᠢᠯ ᠤᠨ ᠪᠦᠷᠢᠯᠳᠦᠭᠦᠨ ᠢ ᠨᠡᠮᠡᠭᠰᠡᠨ ᠭᠡᠮᠵᠢᠶ᠎ᠠ ᠨᠢ ᠵᠤᠬᠢᠰᠳᠠᠢ ᠡᠰᠡᠬᠦ ᠨᠢ ᠵᠠᠩᠬᠢᠯᠠᠭ᠎ᠠ ᠪᠤᠯᠤᠨ᠎ᠠ᠃     3. ᠤᠭᠤᠷᠠᠭᠳᠤ ᠪᠤᠷᠳᠤᠭ᠎ᠠ ᠪᠤᠯᠤᠨ ᠡᠨᠧᠷᠬᠢᠳᠦ ᠪᠤᠷᠳᠤᠭ᠎ᠠ ᠶᠢᠨ ᠴᠢᠨᠠᠷ ᠨᠢ ᠬᠢᠷᠢ ᠲᠡᠩᠴᠡᠭᠰᠡᠨ ᠦᠭᠡᠢ ᠭᠡᠷᠪᠡ ᠲᠡᠵᠢᠭᠡᠯ ᠪᠤᠷᠳᠤᠭᠠᠨ ᠳᠤ ᠨᠡᠮᠡᠭᠰᠡᠨ ᠪᠤᠭᠤᠳᠠᠢ ᠶᠢᠨ ᠭᠡᠪᠡᠭ᠂ ᠳ᠋ᠸᠤᠪᠢᠩ ᠵᠡᠷᠭᠡ ᠤᠭᠤᠷᠠᠭᠳᠤ ᠪᠤᠷᠳᠤᠭ᠎ᠠ ᠪᠤᠯᠤᠨ ᠡᠨᠧᠷᠬᠢᠳᠦ ᠪᠤᠷᠳᠤᠭ᠎ᠠ ᠨᠢ ᠸᠠᠯᠠᠵᠦ ᠴᠢᠨᠠᠷ ᠬᠤᠪᠢᠷᠠᠭᠰᠠᠨ ᠪᠤᠯ ᠬᠤᠨᠢᠨ ᠤ ᠢᠳᠡᠭᠡᠨ ᠤ ᠲᠤᠷᠠᠰᠢᠯ ᠨᠢ ᠮᠠᠭᠤᠳᠠᠵᠦ᠂ ᠴᠢᠨᠠᠭᠰᠢᠯᠠᠪᠠᠯ ᠢᠳᠡᠰᠢᠯᠡᠬᠦ ᠦᠭᠡᠢ᠂ ᠪᠦᠭᠡᠯᠵᠢᠬᠦ ᠪᠤᠶᠤ ᠤᠳᠠᠭᠠᠨ ᠴᠢᠨᠠᠷᠳᠠᠢ ᠪᠠᠭᠠᠰᠤ ᠠᠯᠳᠠᠬᠤ ᠵᠡᠷᠭᠡ ᠭᠡᠮ ᠢ ᠡᠭᠦᠰᠭᠡᠵᠦ᠂ ᠦᠰᠦᠯᠳᠡ ᠪᠤᠶᠢᠵᠢᠯᠳᠠ ᠨᠢ ᠤᠳᠠᠭᠠᠰᠢᠷᠠᠨ ᠪᠤᠷᠳᠤᠭ᠎ᠠ ᠶᠢᠨ ᠬᠠᠷᠠᠮᠵᠢ ᠶᠢ ᠶᠡᠭᠡᠪᠡᠷ ᠪᠠᠭᠤᠷᠠᠭᠤᠯᠬᠤ ᠪᠤᠯᠤᠨ᠎ᠠ᠃    4. ᠡᠪᠡᠰᠦ ᠪᠤᠷᠳᠤᠭ᠎ᠠ ᠶᠢ ᠵᠦᠪ ᠰᠤᠩᠭᠤᠭᠰᠠᠨ ᠦᠭᠡᠢ ᠠᠳᠠᠯᠢ ᠪᠤᠰᠤ ᠡᠪᠡᠰᠦ ᠪᠤᠷᠳᠤᠭᠠᠨ ᠳᠤ ᠠᠭᠤᠯᠤᠭᠳᠠᠬᠤ ᠰᠢᠮ᠎ᠠ ᠲᠡᠵᠢᠭᠡᠯ ᠤᠨ ᠪᠦᠷᠢᠯᠳᠦᠭᠦᠨ ᠨᠢ ᠪᠠᠰᠠ ᠠᠳᠠᠯᠢ ᠦᠭᠡᠢ ᠪᠠᠶᠢᠵᠦ᠂ ᠰᠢᠮ᠎ᠠ ᠲᠡᠵᠢᠭᠡᠯ ᠨᠢ ᠨᠡᠯᠢᠶᠡᠳ ᠦᠨᠳᠦᠷ ᠡᠪᠡᠰᠦ ᠪᠤᠷᠳᠤᠭᠠᠨ ᠳᠤ ᠪᠤᠷᠤ ᠴᠠᠷᠭᠠᠰᠤ᠂ ᠬᠠᠷ᠎ᠠ ᠪᠤᠭᠤᠳᠠᠢ ᠡᠪᠡᠰᠦ᠂ ᠰᠢᠪᠠᠭᠤᠨ ᠵᠠᠩᠭᠤᠤ᠂ ᠦᠭᠡᠷ ᠢᠳᠠᠷ᠎ᠠ᠂ ᠴᠠᠭᠠᠨ ᠬᠤᠰᠢᠶᠠᠩᠭᠤᠢ ᠵᠡᠷᠭᠡ ᠪᠤᠢ᠃ ᠡᠭᠦᠨ ᠳᠤ ᠪᠤᠷᠤ ᠴᠠᠷᠭᠠᠰᠤ ᠨᠢ ᠬᠠᠮᠤᠭ ᠤᠨ ᠰᠠᠶᠢᠨ ᠶᠤᠮ᠃ ᠪᠤᠷᠤ ᠴᠠᠷᠭᠠᠰᠤ ᠶᠢᠨ ᠡᠰᠢ ᠨᠠᠪᠴᠢᠨ ᠳᠤ ᠤᠭᠤᠷᠠᠭ᠂ ᠡᠷᠦᠳᠡᠰᠦ᠂ ᠤᠯᠠᠨ ᠵᠦᠢᠯ ᠤᠨ ᠸᠢᠲ᠋ᠠᠮᠢᠨ ᠪᠠ ᠬᠤᠯᠤᠤᠪᠠᠩ ᠤᠨ ᠡᠳ᠋ ᠡᠯᠪᠡᠭ ᠠᠭᠤᠯᠵᠦ᠂ ᠤᠨᠴᠠᠭᠠᠢᠢᠯᠠᠨ ᠨᠠᠪᠴᠢᠨ ᠳᠤᠨᠢ ᠢᠯᠡᠭᠦᠤ ᠠᠭᠤᠯᠤᠭᠳᠠᠳᠠᠭ᠃ ᠠᠳᠠᠯᠢ ᠲᠠᠯᠠᠪᠠᠢ ᠲᠠᠢ ᠲᠠᠷᠢᠶᠠᠨ ᠳᠠᠬᠢ ᠪᠤᠷᠤ ᠴᠠᠷᠭᠠᠰᠤ ᠶᠢᠨ ᠰᠢᠩᠭᠡᠭᠡᠭᠳᠡᠬᠦ ᠶᠡᠷᠦᠩᠭᠡᠢ ᠰᠢᠮ᠎ᠠ ᠲᠡᠵᠢᠭᠡᠯ ᠨᠢ ᠦᠶᠡᠳᠦ ᠤᠷᠭᠤᠮᠠᠯ ᠤᠨ ᠲᠡᠵᠢᠭᠡᠯ ᠡᠪᠡᠰᠦᠨ ᠤ 2 ᠲᠠᠬᠢᠨ ᠪᠠᠶᠢᠵᠦ᠂ ᠰᠢᠩᠭᠡᠭᠡᠭᠳᠡᠬᠦ ᠤᠭᠤᠷᠠᠭ ᠨᠢ 2.5 ᠲᠠᠬᠢᠨ᠂ ᠡᠷᠦᠳᠡᠰᠦ ᠪᠤᠳᠠᠰ ᠨᠢ 6 ᠲᠠᠬᠢᠨ ᠪᠦᠭᠡᠳ ᠨᠡᠩ ᠠᠮᠳᠠᠳᠠᠢ ᠪᠠᠶᠢᠳᠠᠭ᠃ ᠭᠡᠷᠪᠡ ᠪᠤᠭᠤᠳᠠᠢ ᠶᠢᠨ ᠡᠰᠢ ᠰᠦᠷᠡᠯ ᠵᠡᠷᠭᠡ ᠪᠠᠷ ᠬᠤᠨᠢᠨ ᠤ ᠲᠡᠵᠢᠭᠡᠯ ᠪᠤᠷᠳᠤᠭ᠎ᠠ ᠪᠤᠯᠭᠠᠪᠠᠯ ᠡᠭᠦᠨ ᠳᠤ ᠠᠭᠤᠯᠬᠤ ᠰᠢᠮ᠎ᠠ ᠲᠡᠵᠢᠭᠡᠯ ᠤᠨ ᠪᠦᠷᠢᠯᠳᠦᠭᠦᠨ ᠲᠤᠩ ᠪᠠᠭ᠎ᠠ ᠲᠤᠯᠠ ᠦᠰᠦᠯᠳᠡ ᠳᠠᠬᠢ ᠨᠦᠯᠦᠭᠡ ᠶᠢ ᠮᠡᠳᠡᠵᠦ ᠪᠤᠯᠤᠨ᠎ᠠ᠃     5. ᠨᠠᠷᠢᠯᠢᠭ ᠪᠤᠷᠳᠤᠭ᠎ᠠ ᠪᠠᠷ ᠬᠦᠢᠴᠡᠳ ᠲᠡᠵᠢᠭᠡᠭᠰᠡᠨ ᠦᠭᠡᠢ ᠡᠳᠦᠷ ᠪᠦᠷᠢ ᠨᠠᠷᠢᠯᠢᠭ ᠪᠤᠷᠳᠤᠭ᠎ᠠ ᠶᠢ ᠲᠤᠬᠢᠷᠠᠮᠵᠢᠳᠠᠢ ᠨᠦᠬᠦᠪᠤᠷᠢᠯᠡᠵᠦ᠂ ᠭᠡᠳᠦᠷᠡᠳᠡᠯ᠎ᠠ ᠨᠦᠬᠦᠪᠤᠷᠢᠯᠡᠬᠦ ᠦᠭᠡᠢ ᠪᠤᠯᠪᠠᠴᠦ ᠬᠦᠢᠴᠡᠳ ᠨᠦᠬᠦᠪᠤᠷᠢᠯᠡᠭᠰᠡᠨ ᠪᠠᠶᠢᠬᠤ ᠭᠡᠷᠡᠭᠳᠡᠢ᠂ ᠨᠠᠷᠢᠯᠢᠭ ᠪᠤᠷᠳᠤᠭᠠᠨ ᠤ ᠦᠪᠡᠷ ᠤᠨ ᠦᠷᠳᠡᠭ ᠢ ᠠᠷᠪᠢᠯᠠᠬᠤ ᠭᠡᠳ ᠡᠳᠦᠷ ᠤᠨ ᠬᠠᠩᠭᠠᠯᠭ᠎ᠠ ᠶᠢ ᠪᠠᠭᠤᠷᠠᠭᠤᠯᠪᠠᠯ ᠦᠰᠦᠯᠳᠡ ᠪᠤᠶᠢᠵᠢᠯᠳᠠ ᠶᠢ ᠨᠢ ᠨᠦᠯᠦᠭᠡᠯᠡᠵᠦ᠂ ᠬᠤᠨᠢ ᠲᠠᠷᠭᠤᠯᠠᠬᠤ ᠦᠭᠡᠢ ᠮᠦᠷᠳᠡᠭᠡᠨ ᠭᠡᠳᠡᠷᠬᠦ ᠪᠠᠨ ᠤᠤᠯ ᠤᠨ ᠤᠷᠤᠭᠤᠯᠤᠭᠰᠠᠨ ᠪᠤᠷᠳᠤᠭᠠᠨ ᠤ ᠵᠠᠷᠤᠯᠭ᠎ᠠ ᠪᠠᠨ ᠴᠦ ᠪᠤᠴᠠᠭᠠᠵᠦ ᠲᠡᠶᠢᠯᠬᠦ ᠦᠭᠡᠢ ᠪᠤᠯᠤᠨ᠎ᠠ᠃ ᠪᠤᠷᠳᠤᠬᠤ ᠬᠤᠨᠢ ᠪᠦᠷᠢ ᠳᠤ ᠡᠳᠦᠷ ᠲᠤ ᠪᠡᠶ᠎ᠠ ᠶᠢᠨ ᠬᠦᠨᠳᠦ ᠶᠢᠨ 2% ᠠᠴᠠ ᠲᠤᠳᠠᠭᠤ ᠦᠭᠡᠢ ᠨᠠᠷᠢᠯᠢᠭ ᠪᠤᠷᠳᠤᠭ᠎ᠠ ᠨᠦᠬᠦᠪᠤᠷᠢᠯᠡᠬᠦ ᠶᠢ ᠰᠠᠨᠠᠭᠤᠯᠤᠶ᠎ᠠ᠃    6. ᠬᠠᠰᠢᠶ᠎ᠠ ᠰᠠᠷᠠᠪᠴᠢ ᠶᠢᠨ ᠤᠷᠴᠢᠨ ᠲᠤᠭᠤᠷᠢᠨ ᠨᠢ ᠮᠠᠭᠤ ᠤᠷᠴᠢᠨ ᠲᠤᠭᠤᠷᠢᠨ ᠤ ᠡᠵᠡᠮᠰᠢᠯ ᠳᠤ ᠭᠤᠤᠯᠳᠠᠭᠤ ᠲᠤᠯᠠᠭᠠᠨ᠂ ᠴᠢᠬᠢᠭ᠂ ᠠᠭᠠᠷ᠂ ᠠᠷᠢᠭᠤᠨ ᠴᠡᠪᠡᠷ᠂ ᠲᠡᠵᠢᠭᠡᠬᠦ ᠨᠢᠭᠳᠠᠴᠠ ᠵᠡᠷᠭᠡ ᠪᠠᠭᠳᠠᠨ᠎ᠠ᠃ ᠡᠳᠡᠭᠡᠷ ᠡᠯᠧᠮᠧᠨ᠋ᠲ ᠢ ᠭᠡᠳᠦᠢ ᠰᠠᠶᠢᠨ ᠡᠵᠡᠮᠰᠢᠪᠡᠯ ᠬᠤᠨᠢᠨ ᠤ ᠦᠰᠦᠯᠳᠡ ᠳᠤ ᠲᠡᠳᠦᠢ ᠰᠠᠶᠢᠨ ᠪᠠᠶᠢᠳᠠᠭ᠃ ᠭᠡᠷᠪᠡ ᠤᠷᠴᠢᠨ ᠲᠤᠭᠤᠷᠢᠨ ᠨᠢ ᠲᠤᠬᠢᠷᠠᠮᠵᠢ ᠦᠭᠡᠢ ᠪᠤᠯ ᠶᠠᠮᠠᠷ ᠰᠠᠶᠢᠨ ᠦᠢᠯᠡᠳᠪᠤᠷᠢᠯᠡᠯ ᠤᠨ ᠴᠢᠳᠠᠪᠤᠷᠢ ᠲᠠᠢ ᠪᠤᠯᠪᠠᠴᠦ ᠬᠦᠢᠴᠡᠳ ᠪᠠᠳᠠᠷᠠᠭᠤᠯᠵᠦ ᠲᠡᠶᠢᠯᠬᠦ ᠦᠭᠡᠢ ᠪᠤᠯᠵᠦ᠂ ᠪᠤᠷᠳᠤᠭᠠᠨ ᠤ ᠬᠤᠪᠢᠷᠠᠭᠠᠯᠳᠠ ᠲᠠᠭᠠᠯᠳᠤᠨ ᠪᠠᠭᠤᠷᠠᠭᠠᠳ᠂ ᠵᠠᠷᠢᠮ ᠭᠡᠮ ᠬᠢᠵᠢᠭ ᠤᠨ ᠡᠭᠦᠰᠦᠯ ᠢ ᠰᠡᠷᠭᠡᠶᠢᠯᠡᠬᠦ ᠳᠤ ᠬᠦᠴᠢᠷ ᠪᠤᠯᠵᠦ ᠠᠵᠤ ᠠᠬᠤᠢ ᠶᠢᠨ ᠦᠷ᠎ᠠ ᠠᠰᠢᠭ ᠢ ᠨᠦᠯᠦᠭᠡᠯᠡᠬᠦ ᠪᠤᠯᠤᠨ᠎ᠠ᠃ ᠡᠶᠢᠮᠤ ᠠᠴᠠ ᠤᠷᠴᠢᠨ ᠲᠤᠭᠤᠷᠢᠨ ᠢ ᠡᠵᠡᠮᠰᠢᠬᠦ ᠨᠢ ᠦᠢᠯᠡᠳᠪᠤᠷᠢᠯᠡᠯ ᠤᠨ ᠬᠦᠴᠦᠨ ᠢ ᠲᠡᠭᠡᠭᠰᠢᠯᠡᠭᠦᠯᠭᠦ ᠶᠢᠨ ᠴᠢᠬᠤᠯᠠ ᠪᠠᠳᠤᠯᠠᠭ᠎ᠠ ᠪᠤᠯᠤᠨ᠎ᠠ᠃     
ᠢᠷᠡᠯᠲᠡ᠄ ︽ᠦᠪᠤᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ︾ ᠰᠡᠳᠭᠦᠯ ᠠᠴᠠ