ᠬᠤᠷᠠᠭ᠎ᠠ ᠶᠢ ᠴᠤᠯ ᠨᠠᠷᠢᠯᠢᠭ ᠪᠤᠷᠳᠤᠭ᠎ᠠ ᠪᠠᠷ ᠲᠡᠵᠢᠭᠡᠬᠦ ᠮᠡᠷᠭᠡᠵᠢᠯ
ᠨᠡᠶᠢᠲᠡᠯᠡᠭᠰᠡᠨ ᠴᠠᠭ᠄
2021/10/19
                       ᠬᠤᠷᠠᠭ᠎ᠠ ᠶᠢ ᠰᠦ ᠠᠴᠠ ᠨᠢ ᠡᠷᠳᠡ ᠰᠠᠯᠭᠠᠵᠦ ᠴᠤᠯ ᠨᠠᠷᠢᠯᠢᠭ ᠪᠤᠷᠳᠤᠭ᠎ᠠ ᠪᠠᠷ ᠪᠤᠷᠳᠤᠬᠤ ᠮᠡᠷᠭᠡᠵᠢᠯ ᠳᠤ ᠲᠤᠩ ᠤᠯᠠᠨ ᠲᠠᠪᠠᠭᠤᠯᠢᠭ ᠲᠠᠢ᠄ ᠨᠢᠭᠡ ᠨᠢ ᠨᠢᠯᠬ᠎ᠠ ᠬᠤᠷᠠᠭ᠎ᠠ ᠨᠢ ᠡᠬᠢᠨ ᠤ ᠭᠤᠷᠪᠠᠨ ᠰᠠᠷ᠎ᠠ ᠳᠤ ᠦᠰᠦᠯᠳᠡ ᠨᠢ ᠬᠠᠮᠤᠭ ᠤᠨ ᠬᠤᠷᠳᠤᠨ ᠪᠠᠶᠢᠵᠦ᠂ ᠡᠭᠦᠨ ᠠᠴᠠ ᠰᠡᠭᠦᠯᠡᠷ ᠦᠰᠦᠯᠳᠡ ᠶᠢᠨ ᠬᠤᠷᠳᠤᠴᠠ ᠨᠢ ᠤᠳᠠᠭᠠᠰᠢᠷᠠᠬᠤ ᠲᠤᠯᠠ ᠡᠷᠳᠡ ᠬᠤᠭᠤᠴᠠᠭᠠᠨ ᠳᠤ ᠪᠤᠷᠳᠤᠪᠠᠯ ᠠᠯᠠᠰᠢᠨ ᠳᠤ ᠭᠠᠷᠭᠠᠬᠤ ᠨᠤᠷᠮ᠎ᠠ ᠨᠢ ᠨᠡᠯᠢᠶᠡᠳ ᠦᠨᠳᠦᠷ ᠪᠤᠯᠵᠦ ᠴᠢᠳᠠᠨ᠎ᠠ᠃ ᠬᠤᠶᠠᠷ ᠨᠢ ᠲᠤᠰ ᠮᠡᠷᠭᠡᠵᠢᠯ ᠨᠢ ᠵᠦᠪᠭᠡᠨ ᠨᠠᠷᠢᠯᠢᠭ ᠪᠤᠷᠳᠤᠭ᠎ᠠ ᠪᠠᠷ ᠲᠡᠵᠢᠭᠡᠵᠦ ᠪᠦᠳᠦᠭᠦᠯᠢᠭ ᠪᠤᠷᠳᠤᠭ᠎ᠠ ᠪᠠᠷ ᠲᠡᠵᠢᠭᠡᠬᠦ ᠦᠭᠡᠢ ᠲᠤᠯᠠ ᠬᠠᠮᠢᠶᠠᠷᠬᠤ ᠳᠤ ᠲᠦᠭᠦᠮ ᠮᠦᠷᠳᠡᠭᠡᠨ ᠰᠢᠩᠭᠡᠭᠡᠯᠳᠡ ᠶᠢᠨ ᠵᠠᠮ ᠤᠨ ᠭᠡᠮ ᠡᠭᠦᠰᠬᠦ ᠦᠭᠡᠢ ᠪᠠᠶᠢᠳᠠᠭ ᠠᠴᠠ ᠪᠤᠷᠳᠤᠭᠠᠨ ᠤ ᠬᠤᠪᠢᠷᠠᠭᠠᠯᠳᠠ ᠪᠤᠯᠤᠨ ᠡᠳᠦᠷ ᠤᠨ ᠬᠦᠨᠳᠦ ᠶᠢᠨ ᠨᠡᠮᠡᠭᠳᠡᠯ ᠢ ᠲᠡᠭᠡᠭᠰᠢᠯᠡᠭᠦᠯᠵᠦ ᠴᠢᠳᠠᠨ᠎ᠠ᠃ ᠲᠤᠷᠰᠢᠯᠭ᠎ᠠ ᠭᠡᠷᠡᠴᠢᠯᠡᠭᠰᠡᠨ ᠨᠢ ᠨᠢᠯᠬ᠎ᠠ ᠬᠤᠷᠠᠭ᠎ᠠ ᠰᠠᠷ᠎ᠠ ᠬᠠᠭᠠᠰ ᠪᠤᠯᠵᠦ᠂ ᠪᠡᠶ᠎ᠠ ᠶᠢᠨ ᠬᠦᠨᠳᠦ ᠨᠢ 10 ᠺᠢᠯᠦᠭᠷᠠᠮ ᠪᠤᠯᠬᠤ ᠦᠶᠡᠰ ᠰᠦ ᠠᠴᠠ ᠨᠢ ᠰᠠᠯᠭᠠᠵᠦ 50 ᠡᠳᠦᠷ ᠪᠤᠷᠳᠤᠵᠦ᠂ 3 ᠰᠠᠷ᠎ᠠ ᠪᠤᠯᠬᠤ ᠦᠶᠡᠰ ᠠᠯᠠᠵᠦ ᠵᠠᠬ᠎ᠠ ᠳᠤ ᠭᠠᠷᠭᠠᠪᠠᠯ ᠬᠤᠷᠠᠭ᠎ᠠ ᠶᠢᠨ ᠪᠡᠶ᠎ᠠ ᠶᠢᠨ ᠬᠦᠨᠳᠦ ᠨᠢ 25 — 30 ᠺᠢᠯᠦᠭᠷᠠᠮ ᠳᠤ ᠬᠦᠷᠴᠦ᠂ ᠲᠤᠮᠳᠠᠴᠢ ᠡᠳᠦᠷ ᠤᠨ ᠬᠦᠨᠳᠦ ᠶᠢᠨ ᠨᠡᠮᠡᠭᠳᠡᠯ ᠨᠢ ᠪᠠᠷᠤᠭ 400 ᠭᠷᠠᠮ ᠬᠦᠷᠦᠭᠡᠳ ᠠᠵᠤ ᠠᠬᠤᠢ ᠶᠢᠨ ᠤᠷᠤᠯᠭ᠎ᠠ ᠢᠯᠡᠷᠭᠡᠢ ᠪᠠᠶᠢᠳᠠᠭ᠃     ᠪᠤᠷᠳᠤᠬᠤ ᠠᠴᠠ ᠡᠮᠦᠨᠡᠬᠢ ᠪᠡᠯᠡᠳᠭᠡᠯ     ᠬᠤᠷᠠᠭ᠎ᠠ ᠰᠠᠷ᠎ᠠ ᠬᠠᠭᠠᠰ ᠪᠤᠯᠬᠤ ᠳᠤ ᠰᠦ ᠠᠴᠠ ᠨᠢ ᠰᠠᠯᠭᠠᠨ᠎ᠠ᠂ ᠡᠮᠦᠨ᠎ᠠ 15 ᠡᠳᠦᠷ ᠲᠤ ᠬᠠᠰᠢᠶ᠎ᠠ ᠰᠠᠯᠭᠠᠵᠦ ᠪᠤᠷᠳᠤᠭ᠎ᠠ ᠨᠦᠬᠦᠪᠤᠷᠢᠯᠡᠵᠦ ᠲᠡᠵᠢᠭᠡᠬᠦ ᠪᠤᠶᠤ ᠦᠷᠯᠦᠭᠡ ᠤᠷᠤᠢ ᠲᠤᠭᠳᠠᠮᠠᠯ ᠴᠠᠭ ᠲᠤ ᠬᠤᠷᠠᠭ᠎ᠠ ᠪᠤᠯᠤᠨ ᠡᠭᠡ ᠬᠤᠨᠢ ᠶᠢ ᠰᠠᠯᠭᠠᠵᠦ᠂ ᠬᠤᠷᠠᠭ᠎ᠠ ᠶᠢ ᠲᠤᠰᠬᠠᠢ ᠬᠠᠰᠢᠶᠠᠨ ᠳᠤ ᠬᠦᠳᠡᠯᠭᠡᠭᠡᠨ ᠬᠢᠯᠭᠡᠵᠦ᠂ ᠬᠦᠳᠡᠯᠭᠡᠭᠡᠨ ᠤ ᠬᠠᠰᠢᠶᠠᠨ ᠲᠤᠳᠤᠷ᠎ᠠ ᠨᠠᠷᠢᠯᠢᠭ ᠪᠤᠷᠳᠤᠭᠠᠨ ᠤ ᠤᠩᠭᠤᠴᠠ ᠪᠤᠯᠤᠨ ᠤᠰᠤᠨ ᠤᠩᠭᠤᠴᠠ ᠲᠠᠭᠠᠷᠠᠭᠤᠯᠵᠦ᠂ ᠪᠤᠰᠤᠳ ᠴᠠᠭ ᠲᠤ ᠡᠭᠡ ᠲᠠᠢ ᠨᠢ ᠬᠠᠮᠳᠤ ᠪᠠᠶᠢᠯᠭᠠᠨ᠎ᠠ᠃ ᠨᠦᠬᠦᠪᠤᠷᠢᠯᠡᠬᠦ ᠪᠤᠷᠳᠤᠭ᠎ᠠ ᠶᠢ ᠰᠦ ᠠᠴᠠ ᠨᠢ ᠰᠠᠯᠭᠠᠭᠰᠠᠨ ᠤ ᠰᠡᠭᠦᠯᠡᠷ ᠪᠤᠷᠳᠤᠬᠤ ᠪᠤᠷᠳᠤᠭ᠎ᠠ ᠲᠠᠢ ᠠᠳᠠᠯᠢ ᠪᠠᠶᠢᠯᠭᠠᠵᠦ᠂ ᠲᠡᠵᠢᠭᠡᠬᠦ ᠡᠷᠳᠡᠨᠢ ᠰᠢᠰᠢ ᠶᠢᠨ ᠮᠦᠬᠦᠯᠢᠭ ᠢ ᠡᠬᠢᠯᠡᠵᠦ ᠲᠡᠵᠢᠭᠡᠬᠦ ᠳᠤ ᠵᠢᠭᠠᠬᠠᠨ ᠭᠡᠮᠭᠡᠯᠵᠦ᠂ ᠢᠳᠡᠵᠦ ᠲᠠᠳᠤᠭᠰᠠᠨ ᠤ ᠰᠡᠭᠦᠯᠡᠷ ᠪᠦᠬᠦᠯᠢ ᠪᠠᠷ ᠲᠡᠵᠢᠭᠡᠨ᠎ᠠ᠂ ᠬᠤᠷᠠᠭ᠎ᠠ ᠶᠢᠨ ᠬᠦᠳᠡᠯᠭᠡᠭᠡᠨ ᠤ ᠲᠠᠯᠠᠪᠤᠷ ᠢ ᠬᠠᠭᠤᠷᠠᠢ ᠪᠠᠶᠢᠯᠭᠠᠬᠤ ᠪᠦᠭᠡᠳ ᠭᠠᠵᠠᠷ ᠲᠡᠭᠡᠷ᠎ᠠ ᠨᠢ ᠵᠢᠭᠠᠬᠠᠨ ᠡᠪᠡᠰᠦ ᠲᠡᠪᠢᠰᠦᠨ᠎ᠠ᠃     ᠴᠤᠯ ᠨᠠᠷᠢᠯᠢᠭ ᠪᠤᠷᠳᠤᠭ᠎ᠠ ᠪᠠᠷ ᠪᠤᠷᠳᠤᠬᠤ     ︵1︶ ᠪᠤᠷᠳᠤᠬᠤ ᠪᠤᠷᠳᠤᠭ᠎ᠠ ᠶᠢ ᠰᠤᠩᠭᠤᠨ᠎ᠠ᠃ ᠶᠡᠷᠦ ᠳᠡᠭᠡᠨ ᠡᠷᠳᠡᠨᠢ ᠰᠢᠰᠢ ᠪᠠᠷ ᠪᠤᠷᠳᠤᠪᠠᠯ ᠦᠷ᠎ᠠ ᠳ᠋ᠦᠩ ᠨᠢ ᠨᠡᠯᠢᠶᠡᠳ ᠰᠠᠶᠢᠨ ᠪᠠᠶᠢᠳᠠᠭ᠂ ᠪᠤᠷᠳᠤᠭ᠎ᠠ ᠶᠢ ᠬᠤᠯᠢᠬᠤ ᠬᠠᠷᠢᠴᠠᠯ ᠨᠢ᠄ ᠪᠦᠬᠦᠯᠢ ᠡᠷᠳᠡᠨᠢ ᠰᠢᠰᠢ 83%᠂ ᠳ᠋ᠸᠤᠪᠢᠩ 15%᠂ ᠶᠠᠰᠤᠨ ᠲᠠᠯᠬ᠎ᠠ 1.4%᠂ ᠬᠤᠭᠤᠯᠠᠨ ᠤ ᠲᠠᠪᠤᠰᠤ 0.5%᠂ ᠸᠢᠲ᠋ᠠᠮᠢᠨ ᠬᠢᠭᠡᠳ ᠪᠢᠴᠢᠯ ᠡᠯᠧᠮᠧᠨ᠋ᠲ 0.1% ᠪᠤᠯᠤᠨ᠎ᠠ᠃     ︵2︶ ᠪᠤᠷᠳᠤᠬᠤ ᠬᠤᠭᠤᠴᠠᠭᠠᠨ ᠳᠤ ᠪᠤᠷᠳᠤᠭᠠᠨ ᠤ ᠨᠠᠶᠢᠷᠠᠯᠭ᠎ᠠ ᠶᠢ ᠬᠤᠪᠢᠷᠠᠭᠤᠯᠬᠤ ᠦᠭᠡᠢ᠃     ︵3︶ ᠪᠤᠷᠳᠤᠬᠤ ᠬᠤᠭᠤᠴᠠᠭᠠᠨ ᠳᠤ ᠪᠤᠷᠳᠤᠭᠠᠨ ᠤ ᠤᠩᠭᠤᠴᠠᠨ ᠳᠤ ᠪᠤᠷᠳᠤᠭ᠎ᠠ ᠲᠠᠰᠤᠯᠳᠠᠭᠤᠯᠬᠤ ᠦᠭᠡᠢ᠂ ᠴᠡᠪᠡᠷ ᠤᠤᠭᠤᠬᠤ ᠤᠰᠤ ᠪᠠᠶᠢᠬᠤ ᠶᠢ ᠪᠠᠳᠤᠯᠠᠨ᠎ᠠ᠃     ︵4︶ ᠪᠠᠭᠠᠰᠤᠨ ᠤ ᠪᠠᠶᠢᠳᠠᠯ ᠢ ᠦᠷᠭᠦᠯᠵᠢ ᠠᠵᠢᠭᠯᠠᠨ᠎ᠠ᠂ ᠡᠩ ᠤᠨ ᠪᠠᠶᠢᠳᠠᠯ ᠲᠤᠤᠷ᠎ᠠ ᠪᠠᠭᠠᠰᠤ ᠨᠢ ᠰᠢᠷ᠎ᠠ ᠦᠩᠭᠡ ᠶᠢᠨ ᠪᠦᠮᠪᠦᠭᠡᠯᠢᠭ ᠪᠠᠶᠢᠳᠠᠭ᠂ ᠭᠡᠷᠪᠡ ᠪᠦᠷᠭᠦᠭ ᠪᠤᠷᠤᠭᠠᠨ ᠴᠠᠰᠤ ᠲᠠᠢ ᠡᠳᠦᠷ ᠲᠤᠬᠢᠶᠠᠯᠳᠤᠪᠠᠯ ᠪᠠᠭᠠᠰᠤ ᠠᠯᠳᠠᠬᠤ ᠲᠤᠯᠠ ᠭᠡᠷᠡᠭᠴᠡᠭᠡ ᠲᠠᠢ ᠦᠶᠡᠰ ᠭᠡᠳᠡᠰᠦᠨ ᠵᠠᠮ ᠤᠨ ᠦᠷᠪᠢᠰᠦᠯ ᠢ ᠲᠠᠷᠤᠬᠤ ᠡᠮ ᠢᠶᠠᠷ ᠵᠠᠰᠠᠨ᠎ᠠ᠃   
ᠢᠷᠡᠯᠲᠡ᠄ ︽ᠤᠷᠳᠤᠰ ᠤᠨ ᠡᠳᠦᠷ ᠤᠨ ᠰᠤᠨᠢᠨ︾ ᠠᠴᠠ ᠪᠠᠭᠤᠯᠭᠠᠪᠠ