ᠴᠠᠰᠤ ᠰᠢᠭᠤᠷᠭᠠᠨ ᠳᠤ ᠮᠠᠯᠵᠢᠬᠤ ᠤᠷᠤᠨ ᠨᠢ ᠮᠠᠯ ᠢᠶᠠᠨ ᠬᠡᠷᠭᠢᠨ ᠬᠠᠮᠠᠭᠠᠯᠠᠬᠤ ᠪᠤᠢ
ᠨᠡᠶᠢᠲᠡᠯᠡᠭᠰᠡᠨ ᠴᠠᠭ᠄
2021/10/19
                    ᠴᠠᠰᠤ ᠰᠢᠭᠤᠷᠭᠠᠨ ᠳᠤ ᠮᠠᠯᠵᠢᠬᠤ ᠤᠷᠤᠨ ᠨᠢ ᠳᠤᠤᠷᠠᠬᠢ ᠬᠠᠮᠢᠶᠠᠷᠤᠯᠳᠠ ᠶᠢᠨ ᠠᠷᠭ᠎ᠠ ᠪᠠᠷᠢᠯ ᠢ ᠠᠪᠬᠤ ᠬᠡᠷᠡᠭᠳᠡᠢ᠃    1. ᠴᠠᠰᠤ ᠰᠢᠭᠤᠷᠭᠠᠨ ᠤ ᠳᠠᠷᠠᠭ᠎ᠠ ᠦᠬᠡᠷ ᠬᠤᠨᠢᠨ ᠳᠤ ᠨᠠᠷᠢᠯᠢᠭ ᠪᠤᠷᠳᠤᠭ᠎ᠠ ᠦᠭᠬᠦ ᠬᠡᠮᠵᠢᠶ᠎ᠡ ᠪᠠᠨ ᠨᠡᠮᠡᠭᠳᠡᠭᠦᠯᠬᠦ ᠶᠢ ᠤᠨᠴᠠᠭᠠᠢ ᠠᠩᠬᠠᠷᠬᠤ ᠬᠡᠷᠡᠭᠳᠡᠢ᠃ ᠡᠨᠧᠷᠭᠢ ᠶᠢᠨ ᠠᠭᠤᠯᠤᠭᠳᠠᠴᠠ ᠨᠡᠯᠢᠶᠡᠳ ᠦᠨᠳᠦᠷ ᠡᠷᠳᠡᠨᠢ ᠰᠢᠰᠢ᠂ ᠪᠤᠭᠤᠳᠠᠢ ︵ᠬᠡᠪᠡᠭ︶ ᠵᠡᠷᠭᠡ ᠦᠶᠡᠳᠤ ᠤᠷᠭᠤᠮᠠᠯ ᠤᠨ ᠪᠤᠷᠳᠤᠭ᠎ᠠ ᠪᠠᠨ ᠢᠯᠡᠭᠦᠬᠡᠨ ᠳᠡᠵᠢᠭᠡᠬᠦ ᠪᠠ ᠴᠢᠨᠠᠷ ᠰᠠᠶᠢᠳᠠᠢ ᠨᠤᠭᠤᠭᠠᠨ ᠳᠠᠷᠤᠰᠢ ᠪᠠᠷ ᠳᠡᠵᠢᠭᠡᠵᠤ᠂ ᠦᠬᠡᠷ ᠬᠤᠨᠢᠨ ᠤ ᠳᠠᠷᠭᠤ ᠬᠦᠴᠦ ᠪᠤᠯᠤᠨ ᠳᠠᠮᠢᠷ ᠳᠡᠩᠭᠡᠭᠡ ᠶᠢ ᠨᠢ ᠠᠯᠢ ᠴᠢᠳᠠᠬᠤ ᠪᠠᠷ ᠳᠦᠷᠭᠡᠨ ᠰᠡᠷᠭᠦᠭᠡᠵᠤ᠂ ᠭᠡᠭᠡᠯ ᠲᠠᠢ ᠡᠬᠡ ᠮᠠᠯ ᠤᠨ ᠭᠡᠭᠡᠯ ᠬᠠᠶᠠᠬᠤ ᠶᠢ ᠰᠡᠷᠭᠡᠶᠢᠯᠡᠬᠦ ᠬᠡᠷᠡᠭᠳᠡᠢ᠃     2. ᠭᠡᠮ ᠲᠠᠢ ᠮᠠᠯ ᠨᠢᠭᠡᠪᠦᠷᠢ ᠶᠢᠨ ᠡᠪᠡᠳᠴᠢᠨ ᠤ ᠪᠠᠶᠢᠳᠠᠯ ᠢ ᠨᠢ ᠦᠨᠳᠦᠰᠦᠯᠡᠨ᠂ ᠴᠠᠭ ᠳᠤᠬᠠᠢ ᠳᠤᠨᠢ ᠡᠮᠨᠡᠨ ᠵᠠᠰᠠᠵᠤ᠂ ᠡᠪᠡᠳᠴᠢᠨ ᠨᠢ ᠮᠠᠯ ᠤᠨ ᠪᠦᠬᠦ ᠪᠡᠶ᠎ᠡ ᠳᠤ ᠳᠠᠷᠬᠠᠬᠤ ᠠᠴᠠ ᠰᠡᠷᠭᠡᠶᠢᠯᠡᠬᠦ ᠬᠡᠷᠡᠭᠳᠡᠢ᠃     3. ᠡᠪᠤᠯ ᠤᠨ ᠰᠡᠭᠦᠯᠴᠢ ᠬᠠᠪᠤᠷ ᠤᠨ ᠡᠬᠢ ᠪᠠᠷ ᠶᠡᠷᠦ ᠳᠡᠭᠡᠨ ᠦᠬᠡᠷ ᠬᠤᠨᠢᠨ ᠤ ᠳᠤᠭᠤᠯᠯᠠᠬᠤ ᠪᠠ ᠬᠤᠷᠠᠭᠠᠯᠠᠬᠤ ᠭᠤᠤᠯ ᠤᠯᠠᠷᠢᠯ ᠪᠤᠯᠳᠠᠭ᠃ ᠡᠶᠢᠮᠤ ᠠᠴᠠ ᠡᠬᠡ ᠮᠠᠯ ᠪᠤᠯᠤᠨ ᠳᠦᠯ ᠮᠠᠯ ᠤᠨ ᠬᠦᠢᠳᠡᠨ ᠠᠴᠠ ᠰᠡᠷᠭᠡᠶᠢᠯᠡᠨ ᠳᠤᠯᠠᠭᠠᠨ ᠢ ᠬᠠᠮᠠᠭᠠᠯᠠᠬᠤ ᠠᠵᠢᠯ ᠢ ᠤᠨᠴᠠᠭᠠᠢ ᠠᠩᠬᠠᠷᠬᠤ ᠬᠡᠷᠡᠭᠳᠡᠢ᠃     4. ᠴᠠᠭᠠᠨ ᠵᠤᠳ ᠠᠴᠠ ᠪᠤᠯᠵᠤ ᠭᠡᠭᠡᠯᠳᠦᠭᠦᠯᠭᠡ ᠰᠠᠭᠠᠳᠠᠭᠰᠠᠨ ᠦᠬᠡᠷ ᠬᠤᠨᠢ ᠶᠢ ᠴᠠᠭ ᠢ ᠵᠠᠪᠳᠤᠨ ᠨᠦᠬᠦᠵᠤ ᠭᠡᠭᠡᠯᠳᠦᠭᠦᠯᠬᠦ ᠬᠡᠷᠡᠭᠳᠡᠢ᠃   
ᠢᠷᠡᠯᠲᠡ᠄ ᠤᠷᠳᠤᠰ