ᠬᠤᠨᠢ ᠢᠮᠠᠭ᠎ᠠ ᠳᠤ ᠪᠠᠶᠢᠩᠭᠤ ᠭᠡᠷᠡᠭᠯᠡᠳᠡᠭ ᠡᠪᠡᠰᠦ ᠪᠤᠷᠳᠤᠭ᠎ᠠ
ᠨᠡᠶᠢᠲᠡᠯᠡᠭᠰᠡᠨ ᠴᠠᠭ᠄
2021/10/19
                            ᠨᠢᠭᠡ᠂ ᠪᠤᠷ ᠢᠮᠠᠭ᠎ᠠ ᠶᠢ ᠲᠡᠵᠢᠭᠡᠬᠦ ᠳᠤ ᠭᠡᠷᠡᠭᠯᠡᠳᠡᠭ ᠲᠡᠵᠢᠭᠡᠯ ᠡᠪᠡᠰᠦ      ᠬᠦᠭᠡ ᠨᠤᠭᠤᠭᠠᠨ ᠪᠤᠷᠳᠤᠭ᠎ᠠ᠄ ᠬᠦᠭᠡ ᠨᠤᠭᠤᠭᠠᠨ ᠪᠤᠷᠳᠤᠭ᠎ᠠ ᠶᠢᠨ ᠲᠦᠷᠦᠯ ᠵᠦᠢᠯ ᠮᠠᠰᠢ ᠤᠯᠠᠨ ᠪᠠᠶᠢᠳᠠᠭ᠂ ᠡᠭᠦᠨ ᠳᠤ ᠡᠯ᠎ᠠ ᠵᠦᠢᠯ ᠤᠨ ᠬᠤᠭ ᠡᠪᠡᠰᠦ᠂ ᠡᠯ᠎ᠠ ᠵᠦᠢᠯ ᠤᠨ ᠠᠰᠢᠭᠯᠠᠵᠦ ᠪᠤᠯᠬᠤ ᠮᠤᠳᠤᠨ ᠰᠠᠯᠠᠭ᠎ᠠ᠂ ᠮᠤᠳᠤᠨ ᠨᠠᠪᠴᠢ ᠬᠢᠭᠡᠳ ᠲᠠᠷᠢᠮᠠᠯ ᠲᠡᠵᠢᠭᠡᠯ ᠡᠪᠡᠰᠦ᠂ ᠨᠠᠪᠴᠢᠳᠤ ᠨᠤᠭᠤᠭᠠᠨ ᠤ ᠵᠦᠢᠯ᠂ ᠤᠰᠤᠨ ᠳᠤ ᠤᠷᠭᠤᠭᠰᠠᠨ ᠬᠦᠭᠡ ᠨᠤᠭᠤᠭᠠᠨ ᠪᠤᠷᠳᠤᠭ᠎ᠠ ᠵᠡᠷᠭᠡ ᠪᠠᠭᠳᠠᠨ᠎ᠠ᠃ ᠬᠦᠭᠡ ᠨᠤᠭᠤᠭᠠᠨ ᠪᠤᠷᠳᠤᠭ᠎ᠠ ᠨᠢ ᠢᠮᠠᠭᠠᠨ ᠤ ᠰᠠᠭᠤᠷᠢ ᠪᠤᠷᠳᠤᠭ᠎ᠠ ᠪᠤᠯᠬᠤ ᠮᠦᠷᠳᠡᠭᠡᠨ ᠮᠠᠰᠢ ᠠᠵᠤ ᠠᠬᠤᠢᠢᠴᠢ ᠪᠠᠶᠢᠳᠠᠭ᠃     ᠬᠦᠭᠡ ᠲᠠᠷᠤᠰᠢ ᠪᠤᠷᠳᠤᠭ᠎ᠠ᠄ ᠬᠦᠭᠡ ᠲᠠᠷᠤᠰᠢ ᠪᠤᠷᠳᠤᠭ᠎ᠠ ᠭᠡᠳᠡᠭ ᠨᠢ ᠨᠢᠭᠡ ᠵᠦᠢᠯ ᠤᠨ ᠬᠦᠭᠡ ᠨᠤᠭᠤᠭᠠᠨ ᠰᠢᠭᠦᠰᠦᠯᠢᠭ ᠪᠤᠷᠳᠤᠭ᠎ᠠ ᠶᠢ ᠭᠡᠷᠴᠢᠵᠦ᠂ ᠵᠤᠭᠤᠷᠢ ︵ᠴᠦᠬᠦᠷᠦᠮ︶ ᠪᠤᠶᠤ ᠰᠦᠯᠢᠶᠤᠤ ᠤᠭᠤᠳᠠᠨ ᠳᠤ ᠲᠠᠭᠰᠢᠷᠠᠭᠤᠯᠤᠨ ᠪᠢᠳᠡᠭᠦᠮᠵᠢᠯᠡᠵᠦ ᠰᠦᠨ ᠬᠦᠴᠢᠯ ᠢᠶᠠᠷ ᠢᠰᠭᠡᠬᠦ ᠪᠤᠷᠳᠤᠭ᠎ᠠ ᠶᠢ ᠵᠢᠭᠠᠨ᠎ᠠ᠃ ᠬᠦᠭᠡ ᠲᠠᠷᠤᠰᠢ ᠪᠤᠷᠳᠤᠭ᠎ᠠ ᠨᠢ ᠢᠰᠭᠦᠯᠡᠩ ᠰᠢᠬᠢᠷᠯᠢᠭ ᠦᠨᠦᠷ ᠠᠮᠳᠠ ᠲᠠᠢ᠂ ᠢᠳᠡᠭᠦᠰᠢ ᠴᠢᠨᠠᠷ ᠲᠠᠢ᠂ ᠰᠢᠮ᠎ᠠ ᠲᠡᠵᠢᠭᠡᠯ ᠡᠯᠪᠡᠭ᠂ ᠬᠠᠳᠠᠭᠠᠯᠠᠬᠤ ᠳᠤ ᠠᠮᠠᠷ ᠵᠡᠷᠭᠡ ᠤᠨᠴᠠᠯᠢᠭ ᠲᠠᠢ᠃ ᠬᠤᠨᠢ ᠢᠮᠠᠭ᠎ᠠ ᠲᠡᠵᠢᠭᠡᠬᠦ ᠲᠤᠰᠬᠠᠢ ᠡᠷᠦᠭᠡ ᠨᠦᠭᠦᠳ ᠲᠡᠭᠦᠨ ᠢ ᠡᠪᠤᠯ ᠤᠨ ᠤᠯᠠᠷᠢᠯ ᠤᠨ ᠬᠤᠨᠢ ᠢᠮᠠᠭᠠᠨ ᠤ ᠰᠢᠯᠢᠳᠡᠭ ᠪᠤᠷᠳᠤᠭ᠎ᠠ ᠪᠤᠯᠭᠠᠵᠦ ᠪᠤᠯᠤᠨ᠎ᠠ᠃ ᠠᠷᠪᠠᠢ᠂ ᠡᠷᠳᠡᠨᠢ ᠰᠢᠰᠢ ᠵᠡᠷᠭᠡ ᠲᠠᠷᠢᠮᠠᠯ ᠤᠨ ᠡᠰᠢ ᠰᠦᠷᠡᠯ᠂ ᠯᠤᠬᠠᠱᠧᠩ ᠤᠨ ᠵᠡᠯ᠎ᠠ᠂ ᠰᠢᠬᠢᠷᠯᠢᠭ ᠲᠦᠮᠦᠰᠦᠨ ᠤ ᠵᠡᠯ᠎ᠠ ᠬᠢᠭᠡᠳ ᠡᠯ᠎ᠠ ᠵᠦᠢᠯ ᠤᠨ ᠦᠶᠡᠳᠦ ᠢᠵᠠᠭᠤᠷ ᠤᠨ ᠵᠡᠷᠯᠢᠭ ᠡᠪᠡᠰᠦ᠂ ᠮᠤᠳᠤᠨ ᠨᠠᠪᠴᠢ ᠵᠡᠷᠭᠡ ᠪᠠᠷ ᠪᠦᠷ ᠬᠦᠭᠡ ᠲᠠᠷᠤᠰᠢ ᠪᠤᠷᠳᠤᠭ᠎ᠠ ᠪᠤᠯᠭᠠᠵᠦ ᠪᠤᠯᠳᠠᠭ᠃      ᠬᠠᠭᠤᠷᠠᠢ ᠪᠦᠳᠦᠭᠦᠯᠢᠭ ᠪᠤᠷᠳᠤᠭ᠎ᠠ᠄ ᠬᠠᠭᠤᠷᠠᠢ ᠪᠦᠳᠦᠭᠦᠯᠢᠭ ᠪᠤᠷᠳᠤᠭ᠎ᠠ ᠨᠢ ᠬᠠᠰᠢᠶᠠᠯᠠᠨ ᠲᠡᠵᠢᠭᠡᠬᠦ ᠢᠮᠠᠭ᠎ᠠ ᠪᠤᠶᠤ ᠬᠠᠭᠠᠰ ᠬᠠᠰᠢᠶᠠᠯᠠᠨ ᠲᠡᠵᠢᠭᠡᠬᠦ ᠢᠮᠠᠭᠠᠨ ᠤ ᠭᠤᠤᠯ ᠪᠤᠷᠳᠤᠭ᠎ᠠ ᠪᠤᠯᠤᠨ᠎ᠠ᠃ ᠡᠭᠦᠨ ᠳᠤ ᠬᠦᠭᠡ ᠬᠠᠭᠤᠷᠠᠢ ᠡᠪᠡᠰᠦ ᠪᠤᠯᠤᠨ ᠡᠯ᠎ᠠ ᠵᠦᠢᠯ ᠤᠨ ᠲᠠᠷᠢᠮᠠᠯ ᠤᠨ ᠡᠰᠢ ᠰᠦᠷᠡᠯ᠂ ᠭᠡᠪ᠂ ᠤᠷᠢᠶᠠᠩᠭᠤ ᠵᠡᠯ᠎ᠠ ᠵᠡᠷᠭᠡ ᠪᠠᠭᠳᠠᠨ᠎ᠠ᠃ ᠡᠳᠡᠭᠡᠷ ᠨᠢ ᠭᠡᠮᠵᠢᠶ᠎ᠠ ᠪᠠᠷ ᠬᠠᠮᠤᠭ ᠤᠨ ᠡᠯᠪᠡᠭ᠂ ᠦᠪᠡᠷ ᠤᠨ ᠦᠷᠳᠡᠭ ᠢᠶᠠᠷ ᠬᠠᠮᠤᠭ ᠤᠨ ᠬᠢᠮᠳᠠ ᠲᠡᠵᠢᠭᠡᠯ ᠪᠤᠷᠳᠤᠭ᠎ᠠ ᠪᠤᠯᠤᠨ᠎ᠠ᠃ ᠡᠶᠢᠮᠦᠷᠬᠦ ᠪᠦᠳᠦᠭᠦᠯᠢᠭ ᠪᠤᠷᠳᠤᠭ᠎ᠠ ᠶᠢ ᠬᠦᠢᠴᠡᠳ ᠲᠤᠬᠢᠷᠠᠮᠵᠢᠳᠠᠢ ᠠᠰᠢᠭᠯᠠᠬᠤ ᠭᠡᠪᠡᠯ ᠡᠷᠭᠡᠪᠰᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠤᠯᠪᠠᠰᠤᠷᠠᠭᠤᠯᠵᠦ ᠨᠠᠶᠢᠷᠠᠭᠤᠯᠬᠤ ᠠᠷᠭ᠎ᠠ ᠪᠠᠷ ᠲᠡᠵᠢᠭᠡᠯ ᠤᠨ ᠦᠷᠳᠡᠭ ᠢ ᠲᠡᠭᠡᠭᠰᠢᠯᠡᠭᠦᠯᠦᠨ᠎ᠠ᠃      ᠨᠠᠷᠢᠯᠢᠭ ᠪᠤᠷᠳᠤᠭ᠎ᠠ᠄ ᠨᠠᠷᠢᠯᠢᠭ ᠪᠤᠷᠳᠤᠭ᠎ᠠ ᠭᠡᠳᠡᠭ ᠨᠢ ᠭᠤᠤᠯᠳᠠᠭᠤ ᠦᠶᠡᠳᠦ ᠢᠵᠠᠭᠤᠷ ᠤᠨ ᠲᠠᠷᠢᠮᠠᠯ᠂ ᠪᠤᠷᠴᠠᠭ ᠤᠨ ᠢᠵᠠᠭᠤᠷ ᠤᠨ ᠲᠠᠷᠢᠮᠠᠯ ᠤᠨ ᠦᠷ᠎ᠠ ᠵᠢᠮᠢᠰ ᠬᠢᠭᠡᠳ ᠪᠤᠯᠪᠠᠰᠤᠷᠠᠭᠤᠯᠤᠭᠰᠠᠨ ᠲᠠᠭᠠᠯᠳᠠ ᠪᠦᠳᠦᠭᠡᠭᠳᠡᠭᠦᠨ ᠢ ᠵᠢᠭᠠᠨ᠎ᠠ᠃ ᠵᠢᠱᠢᠶᠡᠯᠡᠪᠡᠯ᠂ ᠡᠷᠳᠡᠨᠢ ᠰᠢᠰᠢ᠂ ᠠᠷᠪᠠᠢ᠂ ᠰᠢᠷ᠎ᠠ ᠪᠤᠷᠴᠠᠭ᠂ ᠭᠡᠪ᠂ ᠪᠤᠷᠴᠠᠭ ᠤᠨ ᠰᠢᠭᠠᠷᠤ ᠵᠡᠷᠭᠡ᠃ ᠨᠠᠷᠢᠯᠢᠭ ᠪᠤᠷᠳᠤᠭ᠎ᠠ ᠶᠢᠨ ᠰᠢᠩᠭᠡᠭᠡᠵᠦ ᠪᠤᠯᠬᠤ ᠰᠢᠮ᠎ᠠ ᠲᠡᠵᠢᠭᠡᠯᠳᠦ ᠪᠤᠳᠠᠰ ᠨᠢ ᠦᠨᠳᠦᠷ ᠲᠤᠯᠠ ᠢᠳᠡᠰᠢᠨ ᠬᠤᠨᠢ ᠳᠤ ᠵᠠᠪᠠᠯ ᠨᠦᠬᠦᠪᠤᠷᠢᠯᠡᠬᠦ ᠲᠡᠵᠢᠭᠡᠯ ᠪᠤᠷᠳᠤᠭ᠎ᠠ ᠪᠤᠯᠤᠨ᠎ᠠ᠂ ᠤᠨᠴᠠᠭᠠᠢᠢᠯᠠᠨ ᠠᠯᠠᠬᠤ ᠠᠴᠠ ᠡᠮᠦᠨ᠎ᠠ ᠪᠤᠷᠳᠤᠬᠤ ᠪᠠ ᠡᠪᠤᠯ ᠬᠠᠪᠤᠷ ᠤᠨ ᠡᠪᠡᠰᠦ ᠬᠤᠪᠠᠭ᠋ᠠᠢ ᠤᠯᠠᠷᠢᠯ ᠳᠤ ᠨᠠᠷᠢᠯᠢᠭ ᠪᠤᠷᠳᠤᠭ᠎ᠠ ᠨᠦᠬᠦᠪᠤᠷᠢᠯᠡᠬᠦ ᠶᠢ ᠨᠡᠩ ᠠᠩᠬᠠᠷᠤᠨ᠎ᠠ᠃      ᠰᠢᠭᠦᠰᠦᠯᠢᠭ ᠪᠤᠷᠳᠤᠭ᠎ᠠ᠄ ᠰᠢᠭᠦᠰᠦᠯᠢᠭ ᠪᠤᠷᠳᠤᠭ᠎ᠠ ᠭᠡᠳᠡᠭ ᠨᠢ ᠬᠤᠯᠤᠤᠪᠠᠩ᠂ ᠰᠢᠬᠢᠷᠯᠢᠭ ᠲᠦᠮᠦᠰᠦ᠂ ᠲᠦᠮᠦᠰᠦ᠂ ᠰᠢᠬᠢᠷ ᠤᠨ ᠮᠠᠨᠵᠢᠨ ᠪᠤᠯᠤᠨ ᠯᠠᠩᠭᠤᠸᠠ ᠵᠡᠷᠭᠡ ᠲᠦᠮᠦᠰᠦᠯᠢᠭ ᠦᠨᠳᠦᠰᠦ ᠲᠦᠮᠦᠰᠦᠯᠢᠭ ᠡᠰᠢ ᠶᠢᠨ ᠲᠦᠷᠦᠯ ᠤᠨ ᠪᠤᠷᠳᠤᠭ᠎ᠠ ᠶᠢ ᠵᠢᠭᠠᠵᠦ ᠪᠤᠢ᠃ ᠤᠰᠤᠨ ᠤ ᠠᠭᠤᠯᠤᠭᠳᠠᠴᠠ ᠦᠨᠳᠦᠷ᠂ ᠬᠠᠭᠤᠷᠠᠢ ᠪᠤᠳᠠᠰ ᠤᠨ ᠠᠭᠤᠯᠤᠭᠳᠠᠴᠠ ᠪᠠᠭ᠎ᠠ᠂ ᠪᠦᠳᠦᠭᠦᠯᠢᠭ ᠰᠢᠬᠢᠷᠯᠢᠭ ᠤᠨ ᠠᠭᠤᠯᠤᠭᠳᠠᠴᠠ ᠲᠤᠤᠷ᠎ᠠ᠂ ᠸᠢᠲ᠋ᠠᠮᠢᠨ ᠤ ᠠᠭᠤᠯᠤᠭᠳᠠᠴᠠ ᠦᠨᠳᠦᠷ᠂ ᠰᠢᠩᠭᠡᠭᠡᠬᠦ ᠨᠤᠷᠮ᠎ᠠ ᠦᠨᠳᠦᠷ ᠵᠡᠷᠭᠡ ᠤᠨᠴᠠᠯᠢᠭ ᠲᠠᠢ ᠲᠤᠯᠠ ᠢᠳᠡᠰᠢᠨ ᠬᠤᠨᠢ ᠶᠢᠨ ᠡᠪᠤᠯ ᠬᠠᠪᠤᠷ ᠤᠨ ᠤᠯᠠᠷᠢᠯ ᠤᠨ ᠰᠠᠶᠢᠨ ᠪᠤᠷᠳᠤᠭ᠎ᠠ ᠪᠤᠯᠤᠨ᠎ᠠ᠃      ᠬᠤᠶᠠᠷ᠂ ᠤᠬᠤᠷ ᠰᠡᠭᠦᠯᠳᠦ ᠦᠯᠴᠢᠷ ᠬᠤᠨᠢ ᠶᠢ ᠲᠡᠵᠢᠭᠡᠬᠦ ᠳᠤ ᠦᠷᠭᠦᠯᠵᠢ ᠭᠡᠷᠡᠭᠯᠡᠳᠡᠭ ᠲᠡᠵᠢᠭᠡᠯ ᠡᠪᠡᠰᠦ      ᠲᠡᠵᠢᠭᠡᠯ ᠡᠪᠡᠰᠦᠨ ᠳᠤ ᠭᠤᠤᠯᠳᠠᠭᠤ ᠲᠠᠷᠢᠮᠠᠯ ᠤᠨ ᠡᠰᠢ ᠰᠦᠷᠡᠯ ︵ᠵᠢᠱᠢᠶᠡᠯᠡᠪᠡᠯ ᠡᠷᠳᠡᠨᠢ ᠰᠢᠰᠢ᠂ ᠯᠤᠬᠠᠱᠧᠩ ᠤᠨ ᠵᠡᠯ᠎ᠠ᠂ ᠰᠢᠬᠢᠷᠯᠢᠭ ᠲᠦᠮᠦᠰᠦ᠂ ᠪᠤᠷᠴᠠᠭ ᠤᠨ ᠰᠦᠷᠡᠯ ᠪᠠ ᠪᠤᠷᠴᠠᠭ ᠤᠨ ᠬᠤᠩᠭᠤᠷᠴᠠᠭ᠂ ᠪᠤᠭᠤᠳᠠᠢ ᠶᠢᠨ ᠰᠦᠷᠡᠯ ᠵᠡᠷᠭᠡ︶᠂ ᠬᠦᠭᠡ ᠡᠪᠡᠰᠦ᠂ ᠬᠠᠭᠤᠷᠠᠢ ᠡᠪᠡᠰᠦ᠂ ᠮᠤᠳᠤᠨ ᠨᠠᠪᠴᠢᠨ ᠤ ᠪᠤᠷᠳᠤᠭ᠎ᠠ ᠬᠢᠭᠡᠳ ᠬᠦᠭᠡ ᠪᠠᠷ ᠲᠠᠷᠤᠰᠢᠭᠤᠯᠬᠤ᠂ ᠬᠠᠭᠠᠰ ᠬᠠᠭᠤᠷᠠᠢ ᠪᠠᠷ ᠲᠠᠷᠤᠰᠢᠭᠤᠯᠬᠤ᠂ ᠮᠢᠺᠷᠤᠪ ᠢᠶᠠᠷ ᠢᠰᠭᠡᠬᠦ᠂ ᠰᠢᠪᠳᠤᠷᠵᠢᠭᠦᠯᠭᠦ᠂ ᠱᠦᠯᠳᠦᠵᠢᠭᠦᠯᠭᠦ᠂ ᠢᠰᠭᠡᠬᠦ ᠵᠡᠷᠭᠡ ᠠᠷᠭ᠎ᠠ ᠪᠠᠷ ᠨᠠᠶᠢᠷᠠᠭᠤᠯᠤᠭᠰᠠᠨ ᠲᠡᠵᠢᠭᠡᠯ ᠡᠪᠡᠰᠦ ᠵᠡᠷᠭᠡ ᠪᠠᠭᠳᠠᠨ᠎ᠠ︔ ᠪᠠᠶᠢᠭᠠᠯᠢ ᠶᠢᠨ ᠪᠡᠯᠴᠢᠭᠡᠷ ᠪᠠ ᠲᠠᠷᠢᠮᠠᠯ ᠪᠡᠯᠴᠢᠭᠡᠷ ᠵᠡᠷᠭᠡ ᠶᠠᠩᠵᠦ ᠪᠦᠷᠢ ᠶᠢᠨ ᠢᠳᠡᠰᠢᠯᠡᠵᠦ ᠪᠤᠯᠬᠤ ᠲᠡᠵᠢᠭᠡᠯ ᠡᠪᠡᠰᠦ ᠨᠢ ᠪᠦᠷ ᠤᠬᠤᠷ ᠰᠡᠭᠦᠯᠳᠦ ᠦᠯᠴᠢᠷ ᠬᠤᠨᠢᠨ ᠤ ᠢᠳᠡᠰᠢᠯᠡᠬᠦ ᠲᠤᠷᠠᠳᠠᠢ ᠪᠦᠳᠦᠭᠦᠯᠢᠭ ᠪᠤᠷᠳᠤᠭ᠎ᠠ ᠪᠤᠯᠤᠨ᠎ᠠ᠃      ᠨᠠᠷᠢᠯᠢᠭ ᠪᠤᠷᠳᠤᠭᠠᠨ ᠳᠤ ᠭᠤᠤᠯᠳᠠᠭᠤ ᠡᠷᠳᠡᠨᠢ ᠰᠢᠰᠢ᠂ ᠪᠤᠷᠴᠠᠭ ᠤᠨ ᠲᠦᠷᠦᠯ᠂ ᠬᠠᠷ᠎ᠠ ᠪᠤᠭᠤᠳᠠᠢ᠂ ᠠᠷᠪᠠᠢ᠂ ᠨᠤᠬᠠᠢ ᠶᠢᠨ ᠬᠤᠰᠢᠭᠤ ᠵᠡᠷᠭᠡ ᠪᠤᠢ᠃      ᠪᠤᠯᠪᠠᠰᠤᠷᠠᠭᠤᠯᠤᠭᠰᠠᠨ ᠲᠠᠭᠠᠯᠳᠠ ᠪᠦᠳᠦᠭᠡᠭᠳᠡᠭᠦᠨ ᠪᠤᠯᠬᠤ ᠲᠡᠵᠢᠭᠡᠯ ᠪᠤᠷᠳᠤᠭᠠᠨ ᠳᠤ ᠭᠤᠤᠯᠳᠠᠭᠤ ᠭᠡᠪᠡᠭ᠂ ᠳ᠋ᠸᠤᠪᠢᠩ᠂ ᠠᠭ᠎ᠠ᠂ ᠡᠷᠳᠡᠨᠢ ᠰᠢᠰᠢ ᠶᠢᠨ ᠬᠠᠯᠢᠰᠤ᠂ ᠰᠢᠭᠠᠷᠤ ᠶᠢᠨ ᠵᠦᠢᠯ ᠵᠡᠷᠭᠡ ᠪᠤᠢ᠃      ᠰᠢᠭᠦᠰᠦᠯᠢᠭ ᠪᠤᠷᠳᠤᠭᠠᠨ ᠳᠤ ᠲᠦᠮᠦᠰᠦᠯᠢᠭ ᠦᠨᠳᠦᠰᠦ᠂ ᠲᠦᠮᠦᠰᠦᠯᠢᠭ ᠡᠰᠢ ᠬᠢᠭᠡᠳ ᠭᠤᠸᠠ ᠶᠢᠨ ᠲᠦᠷᠦᠯ ᠪᠠᠭᠳᠠᠨ᠎ᠠ᠃     ᠡᠷᠦᠳᠡᠰᠦ ᠪᠤᠷᠳᠤᠭᠠᠨ ᠳᠤ ᠲᠠᠪᠤᠰᠤ᠂ ᠶᠠᠰᠤᠨ ᠲᠠᠯᠬ᠎ᠠ᠂ ᠴᠢᠯᠠᠭᠤᠨ ᠲᠠᠯᠬ᠎ᠠ᠂ ᠬᠢᠰᠤᠭ᠎ᠠ ᠶᠢᠨ ᠲᠠᠯᠬ᠎ᠠ᠂ ᠦᠨᠳᠡᠭᠡᠨ ᠬᠠᠯᠢᠰᠤᠨ ᠤ ᠲᠠᠯᠬ᠎ᠠ᠂ ᠴᠠᠷᠳᠠ ᠶᠢᠨ ᠲᠠᠯᠬ᠎ᠠ᠂ ᠹᠯᠤᠷ ᠦᠭᠡᠶᠢᠳᠡᠭᠦᠯᠭᠦ ᠹᠤᠰᠹᠤᠷ ᠬᠦᠴᠢᠯ ᠤᠨ ᠺᠠᠯᠼ ᠵᠡᠷᠭᠡ ᠪᠤᠢ᠃     ᠨᠡᠮᠡᠯᠳᠡ ᠡᠳ᠋ ᠤᠨ ᠪᠤᠷᠳᠤᠭᠠᠨ ᠳᠤ ᠭᠤᠤᠯᠳᠠᠭᠤ ᠸᠢᠲ᠋ᠠᠮᠢᠨ᠂ ᠪᠠᠺᠲ᠋ᠧᠷᠢ ᠡᠰᠡᠷᠭᠦᠴᠡᠬᠦ ᠡᠳ᠋᠂ ᠸᠢᠲ᠋ᠠᠮᠢᠨ ᠤ ᠨᠡᠮᠡᠯᠳᠡ ᠡᠳ᠋ ᠵᠡᠷᠭᠡ ᠪᠠᠭᠳᠠᠨ᠎ᠠ᠃      
ᠢᠷᠡᠯᠲᠡ᠄ ︽ᠦᠪᠤᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ︾ ᠰᠡᠳᠭᠦᠯ ᠠᠴᠠ ᠰᠢᠯᠵᠢᠭᠦᠯᠪᠡ