| ᠤᠳᠤᠬᠠᠨ ᠳᠤ ᠰᠠᠭᠠᠯᠢ ᠶᠢᠨ ᠦᠨᠢᠶ᠎ᠠ ᠶᠢ ᠡᠵᠡᠩᠨᠡᠬᠦ ᠭᠡᠪᠴᠶ᠋᠊ ᠡᠶ᠎ᠡ ᠨᠢ ᠪᠠᠭ᠎ᠠ᠂ ᠠᠷᠠᠴᠢᠯᠠᠨ ᠬᠠᠮᠢᠶᠠᠷᠬᠤ ᠲᠠᠯ᠎ᠠ ᠪᠠᠷ ᠪᠦᠳᠦᠭᠦᠯᠢᠭ ᠠᠴᠠ ᠰᠠᠭᠠᠯᠢ ᠶᠢᠨ ᠦᠨᠢᠶ᠎ᠠ | ᠲᠡᠵᠢᠭᠡᠭᠴᠢᠳ ᠤᠨ ᠤᠯᠵᠠ ᠠᠰᠢᠭ ᠨᠢ ᠲᠤᠤᠷ᠎ᠠ᠂ ᠦᠪᠡᠷ ᠤᠨ ᠦᠷᠳᠡᠭ ᠨᠢ ᠦᠨᠳᠦᠷ ᠪᠠᠶᠢᠵᠦ᠂ ᠤᠷᠤᠯᠭ᠎ᠠ ᠶᠢ ᠨᠦᠯᠦᠭᠡᠯᠡᠵᠦ ᠪᠠᠶᠢᠨ᠎ᠠ᠃ | ᠢᠩᠬᠢᠬᠦ ᠪᠠᠷ ᠰᠠᠭᠠᠯᠢ ᠶᠢᠨ ᠦᠨᠢᠶ᠎ᠠ ᠶᠢᠨ ᠰᠦ ᠶᠢᠨ ᠭᠠᠷᠤᠯᠳᠠ ᠶᠢ ᠨᠡᠮᠡᠭᠳᠡᠭᠦᠯᠦᠶᠠ ᠭᠡᠪᠡᠯ ᠡᠷᠭᠡᠪᠰᠢ ᠰᠠᠭᠠᠯᠢ ᠶᠢᠨ ᠦᠨᠢᠶ᠎ᠠ ᠶᠢᠨ ᠠᠳᠠᠯᠢ ᠪᠤᠰᠤ ᠦᠰᠦᠯᠳᠡ ᠶᠢᠨ | ᠬᠤᠭᠤᠴᠠᠭᠠᠨ ᠤ ᠠᠷᠠᠴᠢᠯᠠᠨ ᠬᠠᠮᠢᠶᠠᠷᠬᠤ ᠠᠵᠢᠯ ᠢ ᠰᠠᠶᠢᠳᠤᠷ ᠬᠢᠬᠦ ᠭᠡᠷᠡᠭᠳᠡᠢ᠃ | ᠠᠳᠠᠯᠢ ᠪᠤᠰᠤ ᠬᠤᠭᠤᠴᠠᠭᠠᠨ ᠳᠠᠬᠢ ᠠᠷᠠᠴᠢᠯᠠᠨ ᠬᠠᠮᠢᠶᠠᠷᠤᠯᠳᠠ | ᠨᠢᠭᠡ᠂ ᠲᠤᠭᠤᠯ ᠢ ᠠᠷᠠᠴᠢᠯᠠᠨ ᠪᠤᠶᠢᠵᠢᠭᠤᠯᠬᠤ | ᠦᠨᠢᠶ᠎ᠠ ᠲᠤᠭᠤᠯᠯᠠᠭᠰᠠᠨ ᠤ ᠲᠠᠷᠠᠭ᠎ᠠ 30 — 60 ᠮᠢᠨᠦ᠋ᠲ ᠪᠤᠯᠪᠠᠯ ᠡᠬᠢᠨ ᠤ ᠤᠳᠠᠭ᠎ᠠ ᠬᠦᠬᠦᠬᠦᠯᠵᠦ᠂ ᠤᠭᠤᠷᠠᠭ ᠤᠨ ᠭᠡᠮᠵᠢᠶ᠎ᠠ ᠶᠢ ᠲᠤᠭᠤᠯ ᠤᠨ | ᠪᠡᠶ᠎ᠠ ᠶᠢᠨ ᠬᠦᠨᠳᠦ ᠶᠢᠨ 3% ᠳᠤ ᠬᠦᠷᠭᠡᠵᠦ᠂ ᠤᠭᠤᠷᠠᠭ ᠬᠦᠬᠦᠬᠦᠯᠭᠦ ᠬᠤᠭᠤᠴᠠᠭ᠎ᠠ ᠶᠢ 3 — 7 ᠡᠳᠦᠷ ᠪᠠᠶᠢᠯᠭᠠᠨ᠎ᠠ᠃ | ᠲᠤᠭᠤᠯ ᠨᠢᠭᠡ ᠭᠠᠷᠠᠭ ᠪᠤᠯᠤᠭᠰᠠᠨ ᠤ ᠲᠠᠷᠠᠭ᠎ᠠ ᠶᠡᠷᠦ ᠶᠢᠨ ᠰᠦ ᠪᠠᠷ ᠲᠡᠵᠢᠭᠡᠨ᠎ᠠ᠃ ᠡᠭᠦᠨ ᠤ ᠬᠠᠮᠳᠤ ᠪᠠᠰᠠ ᠨᠠᠷᠢᠯᠢᠭ ᠪᠤᠷᠳᠤᠭ᠎ᠠ ᠢᠳᠡᠭᠦᠯᠵᠦ ᠰᠤᠷᠭᠠᠨ᠎ᠠ᠃ | ᠬᠤᠶᠠᠷ ᠭᠠᠷᠠᠭ ᠪᠤᠯᠬᠤ ᠳᠤ ᠪᠦᠳᠦᠭᠦᠯᠢᠭ ᠪᠤᠷᠳᠤᠭ᠎ᠠ ᠢᠳᠡᠭᠦᠯᠵᠦ ᠰᠤᠷᠭᠠᠨ᠎ᠠ᠃ ᠲᠤᠭᠤᠯ ᠤᠨ ᠰᠦ ᠬᠦᠬᠦᠬᠦ ᠬᠤᠭᠤᠴᠠᠭ᠎ᠠ ᠨᠢ ᠶᠡᠷᠦ ᠶᠢᠨ ᠪᠠᠶᠢᠳᠠᠯ ᠲᠤᠤᠷ᠎ᠠ 100 | — 150 ᠡᠳᠦᠷ ᠪᠠᠶᠢᠵᠦ᠂ ᠡᠨᠡ ᠬᠤᠭᠤᠴᠠᠭᠠᠨ ᠳᠤ ᠰᠦ ᠶᠢᠨ ᠶᠡᠷᠦᠩᠭᠡᠢ ᠭᠡᠮᠵᠢᠶ᠎ᠠ ᠨᠢ 300 — 400 ᠺᠢᠯᠦᠭᠷᠠᠮ ᠬᠦᠷᠴᠦ᠂ ᠲᠤᠭᠤᠯ ᠤᠨ ᠪᠡᠶ᠎ᠠ ᠶᠢᠨ | ᠬᠦᠨᠳᠦ ᠶᠢᠨ 8% ᠬᠦᠷᠦᠨ᠎ᠠ᠃ | ᠲᠤᠭᠤᠯ ᠢ ᠡᠷᠭᠡᠪᠰᠢ ᠴᠢᠨᠠᠷ ᠰᠠᠶᠢᠳᠠᠢ ᠬᠦᠭᠡ ᠡᠪᠡᠰᠦ᠂ ᠲᠤᠰᠬᠠᠢ ᠨᠠᠶᠢᠷᠠᠭᠤᠯᠤᠭᠰᠠᠨ ᠨᠠᠷᠢᠯᠢᠭ ᠪᠤᠷᠳᠤᠭ᠎ᠠ ᠪᠠᠷ ᠲᠡᠵᠢᠭᠡᠵᠦ᠂ ᠪᠤᠷᠳᠤᠭᠠᠨ ᠤ ᠤᠭᠤᠷᠠᠭ ᠤᠨ | ᠭᠡᠮᠵᠢᠶ᠎ᠠ ᠶᠢ 20% ᠠᠴᠠ ᠲᠡᠭᠡᠭᠰᠢ ᠪᠠᠶᠢᠯᠭᠠᠬᠤ ᠭᠡᠷᠡᠭᠳᠡᠢ᠃ ᠲᠤᠭᠤᠯ ᠨᠢᠭᠡ ᠭᠠᠷᠠᠭ ᠪᠤᠯᠤᠭᠰᠠᠨ ᠤ ᠲᠠᠷᠠᠭ᠎ᠠ ᠶᠡᠭᠡ ᠬᠤᠷᠤᠭᠠᠨ ᠳᠤ ᠬᠤᠷᠢᠵᠦ᠂ ᠬᠦᠳᠡᠯᠭᠡᠭᠡᠨ | ᠬᠢᠬᠦ ᠶᠢ ᠪᠠᠳᠤᠯᠠᠬᠤ ᠶᠢᠨ ᠬᠠᠮᠳᠤ ᠲᠤᠭᠤᠯ ᠤᠨ ᠭᠡᠪᠳᠡᠰᠢ ᠪᠤᠶᠤ ᠬᠤᠷᠤᠭ᠎ᠠ ᠶᠢᠨ ᠠᠷᠢᠭᠤᠨ ᠴᠡᠪᠡᠷ ᠢ ᠠᠩᠬᠠᠷᠴᠦ᠂ ᠭᠠᠷᠠᠭ ᠲᠤ ᠨᠢᠭᠡ ᠤᠳᠠᠭ᠎ᠠ ᠠᠷᠢᠭᠤᠳᠬᠠᠬᠤ | ᠭᠡᠷᠡᠭᠳᠡᠢ᠃ | ᠬᠤᠶᠠᠷ᠂ ᠭᠤᠨᠵᠢ ᠶᠢ ᠠᠷᠠᠴᠢᠯᠠᠨ ᠬᠠᠮᠢᠶᠠᠷᠬᠤ | ᠪᠦᠬᠦᠯᠢ ᠠᠷᠪᠠᠨ ᠬᠤᠶᠠᠷ ᠰᠠᠷ᠎ᠠ ᠪᠤᠯᠤᠭᠰᠠᠨ ᠭᠤᠨᠵᠢ ᠶᠢ ᠪᠤᠯ ᠡᠳᠦᠷ ᠲᠤ ᠬᠤᠶᠠᠷ ᠤᠳᠠᠭ᠎ᠠ ᠬᠦᠬᠦ ᠶᠢ ᠨᠢ ᠢᠯᠪᠢᠬᠦ ᠭᠡᠷᠡᠭᠳᠡᠢ᠃ ᠭᠡᠭᠡᠯ ᠲᠤᠭᠳᠠᠭᠰᠠᠨ ᠤ ᠲᠠᠷᠠᠭ᠎ᠠ | ᠡᠳᠦᠷ ᠪᠦᠷᠢ ᠲᠡᠯᠡᠩ ᠢ ᠨᠢ ᠢᠯᠪᠢᠵᠦ ᠪᠤᠷᠳᠤᠭ᠎ᠠ ᠨᠦᠬᠦᠪᠤᠷᠢᠯᠡᠨ᠎ᠠ᠃ ᠠᠩᠬᠠᠷᠬᠤ ᠨᠢ᠂ ᠲᠠᠷᠭᠤ ᠬᠦᠴᠦ ᠨᠢ ᠭᠡᠳᠦᠷᠭᠡᠢ ᠨᠡᠮᠡᠭᠳᠡᠬᠦ ᠠᠴᠠ ᠬᠢᠴᠢᠶᠡᠬᠦ ᠭᠡᠷᠡᠭᠳᠡᠢ᠃ | ᠪᠤᠷᠳᠤᠭᠠᠨ ᠤ ᠲᠠᠯ᠎ᠠ ᠪᠠᠷ ᠴᠢᠨᠠᠷ ᠰᠠᠶᠢᠳᠠᠢ ᠬᠦᠭᠡ ᠡᠪᠡᠰᠦ ᠪᠠᠷ ᠭᠤᠤᠯᠳᠠᠭᠤᠯᠵᠦ᠂ ᠡᠳᠦᠷ ᠪᠦᠷᠢ 3 ᠺᠢᠯᠦᠭᠷᠠᠮ ᠨᠠᠷᠢᠯᠢᠭ ᠪᠤᠷᠳᠤᠭ᠎ᠠ ᠨᠦᠬᠦᠪᠤᠷᠢᠯᠡᠵᠦ ᠦᠭᠭᠦᠨ᠎ᠠ᠃ | ᠭᠤᠷᠪᠠ᠂ ᠦᠨᠢᠶ᠎ᠠ ᠶᠢ ᠠᠷᠠᠴᠢᠯᠠᠨ ᠬᠠᠮᠢᠶᠠᠷᠬᠤ | ᠪᠡᠶ᠎ᠠ ᠶᠢᠨ ᠬᠦᠨᠳᠦ ᠨᠢ 100 ᠺᠢᠯᠦᠭᠷᠠᠮ ᠪᠦᠷᠢ ᠳᠤ ᠲᠠᠷᠤᠰᠢᠭᠰᠠᠨ ᠪᠤᠷᠳᠤᠭ᠎ᠠ 3 — 4 ᠺᠢᠯᠦᠭᠷᠠᠮ ᠦᠭᠴᠦ᠂ ᠡᠭᠦᠨ ᠤ ᠬᠠᠮᠳᠤ ᠡᠷᠦᠳᠡᠰᠦᠨ ᠡᠯᠧᠮᠧᠨ᠋ᠲ ︵ | ᠵᠢᠱᠢᠶᠡᠯᠡᠪᠡᠯ ᠺᠠᠯᠢ᠂ ᠺᠠᠯᠼ ᠵᠡᠷᠭᠡ︶ ᠢ ᠴᠠᠭ ᠲᠤᠬᠠᠢ ᠳᠤᠨᠢ ᠨᠦᠬᠦᠪᠤᠷᠢᠯᠡᠨ᠂ ᠨᠠᠷᠢᠯᠢᠭ ᠪᠤᠷᠳᠤᠭ᠎ᠠ ᠡᠳᠦᠷ ᠪᠦᠷᠢ 5 — 6 ᠺᠢᠯᠦᠭᠷᠠᠮ ᠨᠦᠬᠦᠪᠤᠷᠢᠯᠡᠨ᠎ᠠ᠃ | ᠦᠨᠢᠶ᠎ᠠ ᠲᠤᠭᠤᠯᠯᠠᠭᠰᠠᠨ ᠤ ᠲᠠᠷᠠᠭ᠎ᠠ ᠲᠠᠪᠤᠰᠤ ᠲᠠᠢ ᠪᠦᠯᠢᠶᠡᠨ ᠤᠰᠤᠨ ᠳᠤ ᠵᠢᠭᠤᠷᠠᠭᠰᠠᠨ ᠪᠤᠭᠤᠳᠠᠢ ᠶᠢᠨ ᠠᠭᠠᠭ ᠢ ᠤᠤᠭᠤᠯᠭᠠᠬᠤ ᠶᠢᠨ ᠬᠠᠮᠳᠤ ᠦᠨᠢᠶ᠎ᠠ ᠶᠢᠨ | ᠭᠡᠪᠳᠡᠰᠢ ᠳᠤ ᠵᠦᠭᠡᠯᠡᠨ ᠡᠪᠡᠰᠦ ᠲᠡᠪᠢᠰᠴᠦ ᠦᠭᠭᠦᠨ᠎ᠠ᠃ ᠲᠤᠭᠤᠯᠯᠠᠭᠰᠠᠨ ᠤ ᠲᠠᠷᠠᠭ᠎ᠠ ᠨᠢ ᠲᠦᠷᠪᠡᠨ ᠤ ᠨᠢᠭᠡ ᠶᠢᠨ ᠭᠡᠮᠵᠢᠶ᠎ᠠ ᠶᠢᠨ ᠰᠦ ᠶᠢ ᠨᠢ ᠰᠠᠭᠠᠵᠦ ᠠᠪᠤᠨ᠎ᠠ᠃ | | ᠦᠨᠢᠶ᠎ᠠ ᠰᠠᠭᠠᠬᠤ ᠳᠠᠭᠠᠨ 40 — 45 ᠭᠷᠠᠳᠦ᠋ᠰ ᠤᠨ ᠪᠦᠯᠢᠶᠡᠨ ᠤᠰᠤ ᠪᠠᠷ ᠲᠡᠯᠡᠩ ᠢ ᠨᠢ ᠤᠬᠢᠶᠠᠨ᠎ᠠ᠃ ᠰᠠᠭᠠᠬᠤ ᠳᠠᠭᠠᠨ ᠡᠬᠢᠯᠡᠭᠡᠳ ᠤᠳᠠᠭᠠᠨ ᠰᠢᠬ | ᠰᠠᠭᠠᠵᠦ᠂ ᠢᠳᠡᠭ ᠢᠳᠡᠭ ᠢᠶᠠᠷ ᠬᠤᠷᠳᠤᠯᠠᠨ᠎ᠠ᠃ ᠦᠨᠢᠶ᠎ᠠ ᠶᠢᠨ ᠰᠦ ᠶᠢᠨ ᠭᠠᠷᠤᠯᠳᠠ ᠶᠢ ᠦᠨᠳᠦᠰᠦᠯᠡᠵᠦ ᠭᠡᠳᠦ ᠤᠳᠠᠭ᠎ᠠ ᠰᠠᠭᠠᠬᠤ ᠪᠠᠨ ᠲᠤᠭᠳᠠᠭᠠᠨ᠎ᠠ᠃ | ᠶᠡᠷᠦ ᠶᠢᠨ ᠪᠠᠶᠢᠳᠠᠯ ᠲᠤᠤᠷ᠎ᠠ ᠨᠢᠭᠡ ᠦᠨᠢᠶ᠎ᠠ ᠡᠳᠦᠷ ᠲᠤ 15 ᠺᠢᠯᠦᠭᠷᠠᠮ ᠰᠦ ᠭᠠᠷᠬᠤ ᠪᠠᠷ ᠪᠤᠳᠤᠪᠠᠯ ᠡᠳᠦᠷ ᠲᠤ ᠬᠤᠶᠠᠷ ᠤᠳᠠᠭ᠎ᠠ ᠰᠠᠭᠠᠪᠠᠯ ᠲᠤᠬᠢᠷᠠᠮᠵᠢᠳᠠᠢ᠃ | ᠲᠦᠷᠪᠡ᠂ ᠰᠦ ᠰᠢᠷᠬᠢᠭᠡᠬᠦ ᠦᠶ᠎ᠠ ᠶᠢᠨ ᠠᠷᠠᠴᠢᠯᠠᠨ ᠬᠠᠮᠢᠶᠠᠷᠤᠯᠳᠠ | ᠦᠨᠢᠶ᠎ᠠ ᠶᠢᠨ ᠰᠦ ᠶᠢ ᠰᠢᠷᠬᠢᠭᠡᠬᠦ ᠬᠤᠭᠤᠴᠠᠭ᠎ᠠ ᠨᠢ ᠶᠡᠷᠦ ᠳᠡᠭᠡᠨ 60 ᠡᠳᠦᠷ ᠪᠠᠶᠢᠳᠠᠭ᠂ ᠰᠦ ᠶᠡᠭᠡᠳᠡᠢ ᠦᠨᠢᠶ᠎ᠠ ᠪᠤᠯ 70 — 75 ᠡᠳᠦᠷ ᠭᠡᠷᠡᠭᠰᠡᠨ᠎ᠠ᠃ | ᠡᠨᠡ ᠦᠶᠡᠰ ᠡᠷᠭᠡᠪᠰᠢ ᠴᠢᠨᠠᠷ ᠰᠠᠶᠢᠳᠠᠢ ᠪᠦᠳᠦᠭᠦᠯᠢᠭ ᠪᠤᠷᠳᠤᠭ᠎ᠠ ᠪᠠᠷ ᠲᠡᠵᠢᠭᠡᠨ᠎ᠠ᠃ | ᠪᠦᠬᠦ ᠵᠢᠯ ᠤᠨ ᠡᠯ᠎ᠠ ᠤᠯᠠᠷᠢᠯ ᠳᠠᠬᠢ ᠠᠷᠠᠴᠢᠯᠠᠯᠳᠠ ᠬᠠᠮᠢᠶᠠᠷᠤᠯᠳᠠ | 3 — 4 ᠰᠠᠷ᠎ᠠ ᠶᠢᠨ ᠦᠶ᠎ᠠ ᠪᠠᠷ ᠬᠠᠪᠤᠷ ᠤᠨ ᠡᠪᠡᠳᠴᠢᠨ ᠭᠡᠮ ᠠᠴᠠ ᠤᠨᠴᠠ ᠰᠡᠷᠭᠡᠶᠢᠯᠡᠬᠦ ᠪᠦᠭᠡᠳ ᠬᠢᠵᠢᠭ ᠰᠡᠷᠭᠡᠶᠢᠯᠡᠬᠦ ᠡᠮ ᠢ ᠴᠠᠭ ᠲᠤᠬᠠᠢ ᠳᠤᠨᠢ | ᠬᠠᠳᠬᠤᠵᠦ᠂ ᠬᠤᠷᠤᠭ᠎ᠠ ᠬᠠᠰᠢᠶ᠎ᠠ ᠪᠠᠨ ᠴᠠᠭ ᠲᠤᠬᠠᠢ ᠳᠤᠨᠢ ᠠᠷᠢᠭᠤᠳᠬᠠᠬᠤ ᠭᠡᠷᠡᠭᠳᠡᠢ᠃ ᠠᠭᠤᠷ ᠠᠮᠢᠰᠬᠤᠯ ᠲᠤᠯᠭᠠᠨ ᠪᠤᠯᠬᠤ ᠪᠠᠷ ᠬᠦᠭᠡ ᠲᠠᠷᠤᠰᠢ ᠪᠠ ᠤᠰᠤᠯᠢᠭ | ᠪᠤᠷᠳᠤᠭ᠎ᠠ ᠶᠢ ᠬᠦᠢᠴᠡᠳ ᠪᠡᠯᠡᠳᠭᠡᠬᠦ ᠭᠡᠷᠡᠭᠳᠡᠢ᠃ | 6 ᠰᠠᠷ᠎ᠠ ᠶᠢᠨ ᠦᠶ᠎ᠠ ᠪᠠᠷ ᠠᠭᠤᠷ ᠠᠮᠢᠰᠬᠤᠯ ᠬᠠᠯᠠᠭᠤᠨ ᠪᠤᠯᠬᠤ ᠳᠤ ᠦᠨᠢᠶ᠎ᠠ ᠶᠢᠨ ᠬᠠᠯᠠᠭᠤᠨ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠵᠦ᠂ ᠵᠤᠨ ᠤ ᠬᠠᠮᠤᠭ | ᠬᠠᠯᠠᠭᠤᠨ ᠴᠠᠭ ᠪᠤᠯᠬᠤ ᠳᠤ ᠡᠳᠦᠷ ᠪᠦᠷᠢ ᠤᠰᠤᠯᠠᠬᠤ ᠶᠢ ᠪᠠᠳᠤᠯᠠᠵᠦ᠂ ᠪᠤᠷᠳᠤᠭᠠᠨ ᠤ ᠭᠡᠮᠵᠢᠶ᠎ᠠ ᠶᠢ ᠢᠳᠡᠭ ᠢᠳᠡᠭ ᠢᠶᠠᠷ ᠪᠠᠭᠠᠰᠬᠠᠨ᠎ᠠ᠃ ᠵᠤᠨ ᠤ ᠤᠯᠠᠷᠢᠯ ᠳᠤ | ᠬᠤᠷ᠎ᠠ ᠪᠤᠷᠤᠭᠠᠨ ᠡᠯᠪᠡᠭ ᠪᠤᠯᠬᠤᠷ ᠦᠨᠢᠶ᠎ᠠ ᠶᠢᠨ ᠬᠤᠷᠤᠭ᠎ᠠ ᠬᠠᠰᠢᠶ᠎ᠠ ᠶᠢ ᠬᠠᠭᠤᠷᠠᠢ ᠪᠠᠶᠢᠯᠭᠠᠬᠤ ᠶᠢ ᠪᠠᠳᠤᠯᠠᠵᠦ ᠠᠷᠢᠭᠤᠨ ᠴᠡᠪᠡᠷ ᠢ ᠠᠩᠬᠠᠷᠤᠨ᠎ᠠ᠃ | 9 ᠰᠠᠷ᠎ᠠ ᠶᠢᠨ ᠦᠶ᠎ᠠ ᠳᠤ ᠬᠦᠭᠡ ᠲᠠᠷᠤᠰᠢ ᠪᠠᠨ ᠡᠬᠢᠯᠡᠨ ᠪᠡᠯᠡᠳᠭᠡᠵᠦ᠂ ᠨᠠᠮᠤᠷ ᠤᠨ ᠰᠡᠷᠭᠡᠶᠢᠯᠡᠬᠦ ᠲᠠᠷᠢᠯᠭ᠎ᠠ ᠶᠢ ᠴᠠᠭ ᠲᠤᠬᠠᠢ ᠳᠤᠨᠢ ᠲᠠᠷᠢᠨ᠎ᠠ᠃ ᠨᠠᠮᠤᠷ ᠤᠨ | ᠰᠡᠭᠦᠯᠴᠢ ᠪᠤᠯᠬᠤ ᠳᠤ ᠦᠨᠢᠶᠡᠨ ᠤ ᠡᠰᠢᠯᠢᠭ ᠪᠤᠷᠳᠤᠭ᠎ᠠ ᠲᠠᠷᠤᠰᠢᠭᠤᠯᠬᠤ ᠠᠵᠢᠯ ᠢ ᠬᠦᠢᠴᠡᠳ ᠬᠢᠬᠦ ᠭᠡᠷᠡᠭᠳᠡᠢ᠃ | ᠡᠪᠤᠯ ᠤᠨ ᠠᠭᠤᠷ ᠤᠷᠤᠬᠤ ᠳᠤ ᠬᠦᠢᠳᠡᠨ ᠢ ᠰᠡᠷᠭᠡᠶᠢᠯᠡᠵᠦ᠂ ᠦᠨᠢᠶ᠎ᠠ ᠶᠢᠨ ᠬᠤᠷᠤᠭ᠎ᠠ ᠬᠠᠰᠢᠶ᠎ᠠ ᠶᠢᠨ ᠰᠠᠷᠠᠪᠴᠢ ᠴᠤᠩᠬᠤ ᠶᠢ ᠪᠦᠭᠯᠡᠵᠦ ᠪᠠᠬᠢᠯᠡᠨ ᠲᠤᠯᠠᠭᠠᠨ ᠢ | ᠬᠠᠮᠠᠭᠠᠯᠠᠬᠤ ᠠᠵᠢᠯ ᠢ ᠰᠠᠶᠢᠳᠤᠷ ᠬᠢᠵᠦ᠂ ᠡᠳᠦᠷ ᠤᠨ ᠪᠤᠷᠳᠤᠭᠠᠨ ᠳᠠᠬᠢ ᠨᠠᠷᠢᠯᠢᠭ ᠪᠤᠷᠳᠤᠭᠠᠨ ᠤ ᠭᠡᠮᠵᠢᠶ᠎ᠠ ᠶᠢ ᠨᠡᠮᠡᠭᠳᠡᠭᠦᠯᠵᠦ᠂ ᠲᠠᠷᠭᠤ ᠶᠢ ᠬᠠᠮᠠᠭᠠᠯᠠᠨ ᠦᠨᠢᠶ᠎ᠠ ᠶᠢᠨ | ᠭᠡᠭᠡᠯ ᠬᠠᠶᠠᠬᠤ ᠠᠴᠠ ᠤᠨᠴᠠ ᠬᠢᠴᠢᠶᠡᠬᠦ ᠡᠷᠡᠭᠳᠡᠢ᠃ | | | |